ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠷᠣᠨ ᠤ ᠲᠥᠪ | ᠬᠤᠲᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠶᠢ ᠴᠢᠩᠭᠠᠳᠬᠠᠵᠤ᠂ ᠬᠢᠮᠡᠯ ᠤᠶᠤᠨ᠂ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ᠂ ᠪᠡᠶᠡᠴᠢ ᠤᠶᠤᠨ᠂ ᠬᠥᠮᠥᠨ ᠳᠦᠷᠰᠦᠲᠦ ᠮᠠᠰᠢᠨ ᠬᠥᠮᠥᠨ ᠵᠡᠷᠭᠡ ᠢᠷᠡᠭᠡᠳᠦᠢ ᠶᠢᠨ | ᠠᠵᠤ ᠦᠢᠯᠡᠰ ᠤᠨ ᠰᠢᠨ᠎ᠡ ᠵᠠᠮ ᠢ ᠥᠷᠭᠡᠳᠬᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠪᠣᠳᠠᠲᠠᠢ ᠠᠴᠠ ᠡᠭᠦᠰᠴᠦ᠂ ᠲᠤᠰ ᠪᠡᠶ᠎ᠡ ᠶᠢᠨ ᠠᠵᠤ ᠦᠢᠯᠡᠰ ᠤᠨ ᠰᠠᠭᠤᠷᠢ ᠪᠠ | ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠪᠠᠨ ᠰᠠᠭᠤᠷᠢᠯᠠᠵᠤ᠂ ᠣᠷᠣᠨ ᠪᠦᠰᠡ ᠶᠢᠨ ᠣᠨᠴᠠᠯᠢᠭ ᠪᠠ ᠦᠷᠢᠰᠦᠯᠳᠦᠬᠦ ᠬᠦᠴᠦᠨ ᠲᠠᠢ ᠭᠤᠣᠯᠯᠠᠬᠤ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠲᠡᠷᠢᠭᠦᠨ ᠤ ᠡᠵᠡᠩᠨᠡᠯᠲᠡ ᠶᠢᠨ ᠣᠷᠴᠢᠨ ᠨᠦᠬᠦᠴᠡᠯ ᠢ ᠦᠷᠭᠦᠯᠵᠢᠯᠡᠨ ᠪᠤᠢ ᠪᠣᠯᠭᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠡᠷᠡᠰ ᠵᠢᠷᠤᠮᠯᠠᠨ᠂ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ᠂ ᠲᠦᠷᠢᠮ ᠲᠣᠭᠲᠠᠭᠠᠯ ᠤᠨ | ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ᠂ ᠡᠨᠧᠷᠭᠢ᠂ | ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠰ ᠮᠣᠩᠭᠤᠯ ᠧᠦ᠋ᠷᠣᠫᠠ ᠪᠣᠯᠤᠨ ᠳᠤᠮᠳᠠ ᠠᠽᠢᠶ᠎ᠠ ᠶᠢᠨ | ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠥᠷᠭᠡᠳᠬᠡᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠳᠠᠭ᠎ᠠ ᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠱᠤᠭᠤᠮᠠᠯ ᠤᠷᠠᠯᠢᠭ ᠤᠨ ᠦᠵᠡᠰᠬᠦᠯᠡᠩ᠂ ᠨᠠᠶᠢᠷᠠᠯ ᠬᠥᠭᠵᠢᠮ ᠤᠨ | ᠤᠯᠠᠷᠢᠯ ᠵᠡᠷᠭᠡ ᠠᠵᠢᠯᠯᠠᠭ᠎ᠠ ᠶᠢ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠪᠠ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ᠃ | ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ | ᠥᠷᠨᠢᠭᠦᠯᠵᠦ᠂ ᠦᠨᠡᠨ ᠬᠦ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠡᠢ᠃ | ᠬᠤᠷᠠᠯ ᠠᠴᠠ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠰᠢᠰᠲ᠋ᠧᠮ ᠤᠨ ᠬᠢᠮᠡᠯ ᠤᠶᠤᠨ ᠤ ᠠᠬᠤᠶ ᠪᠠᠶᠢᠳᠠᠯ ᠤᠨ ᠬᠡᠷᠡᠭᠯᠡᠭᠡᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠥᠭᠡᠯᠡᠵᠦ᠂ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ | ᠪᠠᠲᠤᠯᠠᠭᠰᠠᠨ ᠤᠷᠢᠲᠠᠯ ᠳᠣᠤᠷ᠎ᠠ᠂ ᠨᠠᠩ ᠣᠯᠠᠨ ᠬᠡᠷᠡᠭᠯᠡᠭᠡᠨ ᠤ ᠠᠬᠤᠢ ᠪᠠᠶᠢᠳᠠᠯ ᠢ ᠨᠡᠭᠡᠭᠡᠵᠦ᠂ ᠬᠤᠲᠠ ᠶᠢᠨ ᠵᠠᠰᠠᠯᠲᠠ ᠶᠢᠨ ᠦᠷ᠎ᠡ ᠪᠦᠲᠦᠮᠵᠢ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠦᠷᠦᠩᠭᠡᠵᠢᠯᠲᠡ ᠶᠢ | ᠲᠦᠷᠭᠡᠳᠬᠡᠨ ᠠᠬᠢᠭᠤᠯᠵᠤ᠂ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ︽ᠬᠠᠩᠭᠠᠵᠤ ᠳᠡᠶᠢᠯᠬᠦ︾᠂ ︽ᠤᠷᠤᠰᠤᠮ᠎ᠠ ᠡᠷᠭᠢᠯᠳᠦᠬᠦ︾᠂ ︽ᠰᠠᠶᠢᠲᠤᠷ ᠬᠡᠷᠡᠭᠯᠡᠬᠦ︾ ᠪᠣᠯᠭᠠᠬᠤ | ᠬᠡᠷᠡᠭᠲᠡᠢ᠃ | ᠬᠤᠷᠠᠯ ᠠᠴᠠ ᠮᠠᠨ ᠤ ᠬᠤᠲᠠ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ 2025 ᠣᠨ ᠤ ᠴᠢᠳᠠᠪᠤᠷᠢᠲᠠᠨ ᠤ ᠠᠵᠢᠯ ᠤᠨ ᠭᠤᠤᠯᠳᠠᠯᠭ᠎ᠠ︾ ᠶᠢ ᠬᠢᠨᠠᠨ ᠵᠥᠪᠯᠡᠵᠦ᠂ | ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |