︵ᠰᠤᠷᠪᠤᠯᠵᠢᠯᠠᠭᠴᠢ ᠡᠦ ᠽᠢ ᠰᠢᠤᠸᠠᠨ︶ ᠤᠰᠤ ᠠᠷᠪᠢᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ᠂ ᠬᠥᠬᠡᠬᠤᠲᠠ | ᠤᠰᠤᠨ ᠤ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷ ᠵᠠᠰᠠᠬᠤ ᠤᠬᠠᠭᠤᠯᠭ᠎ᠠ ᠬᠢᠬᠦ ᠵᠡᠷᠭᠡ ᠣᠯᠠᠨ ᠲᠠᠯ᠎ᠠ ᠠᠴᠠ | ᠬᠦᠴᠦᠯᠡᠵᠦ᠂ ᠤᠰᠤᠨ ᠤ ᠶᠠᠪᠤᠳᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠠᠤᠯᠢ ᠶᠣᠰᠣᠭᠠᠷ ᠤᠰᠤ ᠵᠠᠰᠠᠬᠤ | ᠤᠰᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠪᠡ᠃ | ᠬᠠᠤᠯᠢ ᠲᠣᠭᠲᠠᠭᠠᠬᠤ ᠲᠠᠯ᠎ᠠ ᠪᠠᠷ᠂ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ︾ ︽ᠬᠥᠬᠡᠬᠤᠲᠠ ᠶᠢᠨ | ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠳᠦᠷᠢᠮ︾ ︽ᠬᠥᠬᠡᠬᠤᠲᠠ ᠶᠢᠨ ᠰᠠᠭᠤᠭᠠᠯᠢ ᠠᠷᠠᠳ ᠤᠨ ᠪᠤᠰᠤ ᠤᠰᠤᠨ ᠤ ᠰᠦᠢᠳᠬᠡᠯ ᠢ ᠬᠤᠷᠢᠶᠠᠬᠤ | ᠪᠠ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠳᠦᠷᠢᠮ ᠵᠢᠷᠤᠮᠵᠢᠯ ᠢ ᠤᠷᠢᠳ ᠬᠤᠵᠢᠳ ᠲᠣᠭᠲᠠᠭᠠᠨ ᠨᠡᠶᠢᠲᠡᠯᠡᠵᠦ᠂ ᠣᠳᠣᠬᠠᠨ ᠳᠤ᠂ ︽ᠬᠥᠬᠡᠬᠤᠲᠠ ᠶᠢᠨ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠢ ᠶᠠᠭ ᠲᠣᠭᠲᠠᠭᠠᠵᠤ ᠪᠠᠶᠢᠨ᠎ᠠ᠃ | ᠬᠠᠤᠯᠢ ᠬᠡᠷᠡᠭᠵᠢᠭᠦᠯᠬᠦ ᠲᠠᠯ᠎ᠠ ᠪᠠᠷ᠂ ᠬᠤᠲᠠ ᠰᠢᠶᠠᠨ ᠬᠤᠶᠠᠷ ᠱᠠᠲᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠮᠲᠤᠷᠠᠨ ᠬᠠᠤᠯᠢ | ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠴᠢᠩᠭᠠᠳᠬᠠᠨ᠂ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠪᠦᠲᠦᠮᠵᠢ ᠶᠢ ᠳᠡᠭᠡᠭᠰᠢᠯᠡᠭᠦᠯᠦᠨ᠂ ᠤᠰᠤ ᠠᠷᠪᠢᠯᠠᠬᠤ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠠᠲᠤᠯᠠᠪᠠ᠃ | ᠬᠠᠤᠯᠢ ᠪᠠᠷ ᠵᠠᠰᠠᠬᠤ ᠤᠬᠠᠭᠤᠯᠭ᠎ᠠ ᠶᠢᠨ ᠲᠠᠯ᠎ᠠ ᠪᠠᠷ᠂ ᠤᠰᠤ ᠠᠷᠪᠢᠯᠠᠬᠤ ᠮᠡᠳᠡᠯᠭᠡ ᠶᠢᠨ ᠪᠣᠯᠪᠠᠰᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠵᠤ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ ᠤᠰᠤ ᠠᠷᠪᠢᠯᠠᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ | ᠪᠦᠬᠦ ᠠᠷᠠᠳ ᠢᠶᠠᠷ ᠢᠶᠠᠨ ᠤᠰᠤ ᠠᠷᠪᠢᠯᠠᠬᠤ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃ |