2024 ᠣᠨ ᠳᠤ᠂ ᠬᠥᠬᠡᠬᠤᠲᠠ ᠳᠤ 2411 ᠬᠥᠮᠦᠨ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠠᠷᠭ᠎ᠠ ᠪᠠᠷ ᠬᠥᠩᠭᠡᠵᠢᠯ ᠤᠨ ᠨᠥᠬᠦᠪᠥᠷᠢ ᠭᠤᠶᠤᠴᠢᠯᠠᠨ ᠠᠪᠤᠪᠠ
ᠨᠡᠶᠢᠲᠡᠯᠡᠭᠰᠡᠨ ᠴᠠᠭ᠄
2025/3/25
      ︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠠᠴᠠ ᠤᠶᠢᠯᠠᠭᠠᠭᠰᠠᠨ ᠨᠢ᠂ 2024 ᠣᠨ ᠳᠤ᠂ ᠬᠥᠬᠡᠬᠤᠲᠠ ᠳᠤ ᠨᠢᠭᠡᠨᠲᠡ 2411 ᠬᠥᠮᠦᠨ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠠᠷᠭ᠎ᠠ ᠪᠠᠷ ᠳᠠᠮᠵᠢᠭᠤᠯᠤᠨ ᠬᠥᠩᠭᠡᠵᠢᠯ ᠤᠨ ᠨᠥᠬᠦᠪᠥᠷᠢ ᠣᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠡᠶᠢᠲᠡ 5563 ᠲᠦᠮᠡᠨ ᠲᠥᠭᠦᠷᠢᠭ ᠵᠠᠷᠤᠴᠠᠭᠤᠯᠪᠠ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠥᠩᠭᠡᠵᠢᠯ ᠤᠨ ᠨᠥᠬᠦᠪᠦᠷᠢ ᠶᠢ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ ᠨᠢᠭᠡᠨᠲᠡ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ᠂ ᠨᠢᠭᠡ ᠴᠣᠩᠬᠤᠪᠴᠢ ᠪᠠᠷ ᠭᠦᠢᠴᠡᠳᠭᠡᠬᠦ᠂ ᠭᠠᠭᠴᠠ ᠪᠠᠷᠢᠮᠲᠠ ᠪᠠᠷ ᠳ᠋ᠦᠩᠨᠡᠨ ᠪᠤᠳᠤᠬᠤ︾ ᠶᠢ ᠪᠡᠶᠡᠯᠡᠭᠦᠯᠵᠦ᠂ ᠬᠥᠩᠭᠡᠵᠢᠯ ᠤᠨ ᠨᠥᠬᠦᠪᠦᠷᠢ ᠶᠢᠨ ᠲᠣᠭᠠᠴᠠᠭ᠎ᠠ ᠬᠢᠬᠦ ᠴᠠᠭ ᠢ ᠪᠦᠲᠦᠮᠵᠢᠲᠡᠶ ᠪᠣᠭᠤᠨᠢᠰᠬᠠᠪᠠ᠃ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠭᠡᠭᠴᠢ ᠪᠣᠯ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠬᠥᠩᠭᠡᠵᠢᠯ ᠤᠨ ᠳᠠᠭᠠᠳᠬᠠᠯ ᠤᠨ ᠡᠮᠴᠢᠯᠡᠭᠡᠨ ᠤ ᠵᠠᠷᠤᠳᠠᠯ ᠢ ᠳ᠋ᠦᠩᠨᠡᠨ ᠪᠤᠳᠤᠬᠤ ᠳᠤ᠂ ᠬᠥᠩᠭᠡᠵᠢᠯ ᠤᠨ ᠳᠠᠭᠠᠳᠬᠠᠯ ᠢ ᠲᠤᠰᠬᠠᠶᠢᠯᠠᠨ ᠭᠤᠶᠤᠴᠢᠯᠠᠬᠤ ᠴᠢᠬᠤᠯᠠ ᠦᠭᠡᠢ᠂ ᠪᠠᠶᠢᠭ᠎ᠠ ᠡᠮᠨᠡᠯᠭᠡ ᠶᠢᠨ ᠬᠤᠷᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠬᠤ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠡᠮᠡᠭᠲᠡᠶ ᠠᠵᠢᠯᠲᠠᠨ ᠬᠥᠩᠭᠡᠵᠢᠯ ᠤᠨ ᠨᠥᠬᠦᠪᠥᠷᠢ ᠮᠥᠩᠭᠦ ᠭᠤᠶᠤᠴᠢᠯᠠᠬᠤ ᠪᠠᠷᠢᠮᠵᠢᠶ᠎ᠠ ᠳᠤ ᠬᠦᠷᠦᠭᠰᠡᠨ ᠮᠡᠳᠡᠭᠡ ᠵᠠᠩᠭᠢ ᠶᠢ ᠳᠠᠮᠵᠢᠭᠤᠯᠪᠠᠯ᠂ ᠳᠠᠷᠤᠶ ᠬᠥᠩᠭᠡᠵᠢᠯ ᠤᠨ ᠨᠦᠬᠦᠪᠦᠷᠢ ᠨᠢ ᠬᠤᠭᠤᠴᠠᠭ᠎ᠠ ᠶᠣᠰᠣᠭᠠᠷ ᠳᠠᠩᠰᠠᠨ ᠳᠤ ᠣᠷᠣᠬᠤ ᠪᠣᠯᠤᠨ᠎ᠠ᠂ ᠨᠦᠬᠦᠪᠦᠷᠢ ᠳᠠᠩᠰᠠᠨ ᠳᠤ ᠣᠷᠣᠭᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠣᠬᠤᠷ ᠮᠡᠳᠡᠭᠡ ᠪᠠᠷ ᠳᠠᠭᠠᠳᠬᠠᠯ ᠳᠤ ᠣᠷᠣᠯᠴᠠᠭᠰᠠᠳ ᠲᠤ ᠮᠡᠳᠡᠭᠳᠡᠨ᠎ᠡ᠃ ᠡᠨᠡ ᠨᠢ ᠳᠠᠭᠠᠳᠬᠠᠯ ᠳᠤ ᠣᠷᠣᠯᠴᠠᠭᠰᠠᠳ ᠤᠨ ᠣᠨᠣᠰᠢᠯᠠᠭᠰᠠᠨ ᠭᠡᠷᠡᠴᠢ᠂ ᠨᠢᠯᠬ᠎ᠠ ᠬᠡᠤᠬᠡᠳ ᠤᠨ ᠲᠥᠷᠥᠭᠰᠡᠨ ᠦᠨᠡᠮᠯᠡᠯ᠂ ᠬᠦᠴᠦᠨ ᠪᠥᠬᠦᠶ ᠪᠡᠶ᠎ᠡ ᠶᠢᠨ ᠦᠨᠡᠮᠯᠡᠯ ᠵᠡᠷᠭᠡ ᠮᠠᠲ᠋ᠧᠷᠢᠶᠠᠯ ᠢ ᠬᠠᠩᠭᠠᠬᠤ᠂ ᠵᠢᠴᠢ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠳᠤ ᠬᠦᠷᠴᠦ ᠬᠥᠩᠭᠡᠵᠢᠯ ᠤᠨ ᠨᠥᠬᠦᠪᠥᠷᠢ ᠮᠥᠩᠭᠦ ᠶᠢ ᠭᠤᠶᠤᠴᠢᠯᠠᠬᠤ ᠵᠡᠷᠭᠡ ᠶᠠᠪᠤᠴᠠ ᠶᠢ ᠲᠣᠪᠴᠢᠯᠠᠪᠠ᠃ ᠥᠩᠭᠡᠷᠡᠭᠰᠡᠨ ᠤ ︽ᠬᠥᠮᠦᠨ ᠨᠢ ᠳᠠᠭᠠᠳᠬᠠᠯ ᠢ ᠭᠤᠶᠤᠴᠢᠯᠠᠬᠤ︾ ᠠᠴᠠ ᠣᠳᠣ ᠶᠢᠨ        ︽ᠳᠠᠭᠠᠳᠬᠠᠯ ᠨᠢ ᠬᠥᠮᠦᠨ ᠢ ᠡᠷᠢᠬᠦ︾ ᠪᠣᠯᠭᠠᠨ ᠬᠤᠪᠢᠷᠠᠭᠤᠯᠵᠤ᠂ ︽ᠮᠡᠳᠡᠭᠡ ᠵᠠᠩᠭᠢ ᠢᠯᠡᠭᠦᠬᠡᠨ ᠬᠦᠳᠡᠯᠵᠦ᠂ ᠬᠥᠮᠥᠨ ᠳᠤᠲᠠᠭᠤ ᠬᠦᠳᠡᠯᠬᠦ︾ ᠬᠠᠷᠠᠯᠲᠠ ᠶᠢ ᠪᠡᠶᠡᠯᠡᠭᠦᠯᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ