ᠪᠣᠣ ᠭᠠᠩ ᠴᠡᠯᠡᠭᠡᠷ ᠲᠠᠯ᠎ᠠ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ  ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2025/3/26
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠴᠡᠯᠡᠭᠡᠷ ᠲᠠᠯ᠎ᠠ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠬᠠᠮᠲᠤ ᠪᠠᠶᠢᠴᠠᠭᠠᠨ ᠰᠤᠳᠤᠯᠤᠯᠲᠠ ᠬᠢᠪᠠ᠃      ᠪᠣᠣ ᠭᠠᠩ ᠤᠷᠢᠳ ᠬᠤᠵᠢᠳ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠴᠡᠯᠡᠭᠡᠷ ᠲᠠᠯ᠎ᠠ ᠶᠢᠨ ᠰᠢᠩ ᠭᠤᠸᠠᠩ ᠯᠢ᠂ ᠴᠡᠯᠡᠭᠡᠷ ᠲᠠᠯ᠎ᠠ ᠶᠢᠨ ᠮᠢᠩᠭᠠᠨ ᠬᠥᠮᠦᠨ ᠤ ᠬᠤᠷᠠᠯ ᠤᠨ ᠲᠥᠪ᠂ ᠤᠪᠤᠭ᠎ᠠ ᠴᠡᠴᠡᠷᠯᠢᠭ ᠪᠣᠯᠣᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠲᠤ ᠬᠦᠷᠴᠦ᠂ ᠲᠠᠯᠠᠪᠠᠢ ᠣᠷᠳᠣᠨ ᠤ ᠡᠵᠡᠩᠨᠡᠯᠲᠡ ᠬᠠᠮᠢᠶᠠᠷᠤᠯᠲᠠ᠂ ᠳᠠᠭᠤᠨ ᠤ ᠲᠤᠭᠯᠠᠯᠲᠠ ᠶᠢᠨ ᠪᠠᠲᠤᠯᠠᠭ᠎ᠠ᠂ ᠢᠵᠢ ᠪᠦᠷᠢᠳᠦᠭᠰᠡᠨ ᠲᠥᠬᠦᠭᠡᠷᠦᠮᠵᠢ ᠶᠢ ᠳᠡᠭᠡᠭᠰᠢᠯᠡᠭᠦᠯᠬᠦ᠂ ᠵᠠᠮ ᠬᠠᠷᠢᠯᠴᠠᠭ᠎ᠠ ᠶᠢ ᠵᠣᠬᠢᠶᠠᠨ ᠪᠠᠶᠢᠭᠤᠯᠤᠨ ᠰᠢᠯᠢᠳᠡᠭᠵᠢᠭᠦᠯᠬᠦ᠂ ᠰᠣᠶᠣᠯ ᠪᠡᠶ᠎ᠡ ᠶᠢᠨ ᠲᠠᠮᠢᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠪᠣᠣ ᠭᠠᠩ ᠬᠡᠯᠡᠬᠦ ᠳᠡᠭᠡᠨ᠂ ᠴᠡᠯᠡᠭᠡᠷ ᠲᠠᠯ᠎ᠠ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠪᠦᠰᠡ ᠨᠢ ᠲᠦᠮᠡᠨ ᠮᠦ ᠬᠤᠳᠠ ᠶᠢᠨ ᠲᠠᠯ᠎ᠠ ᠨᠤᠲᠤᠭ ᠲᠠᠢ ᠪᠠᠶᠢᠬᠤ ᠪᠠᠷ ᠪᠠᠷᠠᠬᠤ ᠦᠭᠡᠢ ᠪᠠᠰᠠ ᠮᠠᠰᠢ ᠤᠯᠠᠨ ᠰᠣᠶᠣᠯ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠢ ᠲᠦᠪᠯᠡᠷᠡᠭᠦᠯᠵᠦ᠂ ᠣᠷᠣᠨ ᠤ ᠲᠥᠪ ᠬᠤᠲᠠ ᠶᠢᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠪᠣᠯᠤᠨ᠎ᠠ᠃ ᠪᠢᠳᠡ ᠡᠨᠡ ᠬᠦ ᠳᠠᠪᠠᠭᠤᠯᠢᠭ ᠢ ᠰᠠᠶᠢᠲᠤᠷ ᠭᠦᠢᠴᠡᠳ ᠬᠡᠷᠡᠭᠯᠡᠵᠦ᠂ ᠪᠦᠬᠦ ᠣᠷᠣᠨ ᠪᠦᠰᠡ ᠳᠤ ᠦᠵᠡᠮᠵᠢ ᠲᠠᠢ᠂ ᠳᠦᠷᠪᠡᠨ ᠤᠯᠠᠷᠢᠯ ᠳᠤ ᠪᠦᠷ ᠵᠢᠭᠤᠯᠴᠢᠯᠠᠯ ᠳᠤ ᠲᠣᠬᠢᠷᠠᠬᠤ ᠬᠠᠷᠠᠯᠲᠠ ᠳᠤ ᠴᠢᠭᠯᠡᠭᠦᠯᠵᠦ᠂ ᠰᠢᠨ᠎ᠡ ᠪᠠᠶᠢᠳᠠᠯ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠨᠢᠭᠡ ᠴᠤᠬᠴᠠᠵᠢᠭᠤᠯᠤᠨ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠵᠡᠮᠵᠢ ᠶᠢᠨ ᠪᠦᠰᠡ ᠶᠢᠨ ᠴᠡᠭ ᠣᠷᠣᠨ ᠢ ᠬᠤᠯᠪᠣᠵᠤ᠂ ᠲᠠᠯᠠᠪᠠᠢ ᠣᠷᠳᠣᠨ ᠢ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ︽ᠨᠢᠭᠡ ᠦᠷᠳᠡᠭᠡᠴᠢᠯᠡᠭᠰᠡᠨ︾ ᠲᠠᠯ᠎ᠠ ᠨᠤᠲᠤᠭ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠢ ᠪᠠᠶᠢᠭᠤᠯᠵᠤ᠂ ᠨᠡᠩ ᠤᠯᠠᠨ ᠰᠣᠳᠣᠨ ᠵᠠᠮ ᠱᠤᠭᠤᠮ ᠪᠣᠯᠤᠨ ᠲᠤᠭᠤᠷᠢᠨ ᠵᠤᠭᠠᠴᠠᠬᠤ ᠰᠤᠳᠤᠨ ᠴᠡᠭ ᠢ ᠭᠠᠷᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠲᠢᠩᠬᠢᠮ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠲᠦᠮᠡᠨ ᠲᠠᠢ ᠣᠶᠢᠷᠠᠲᠤᠭᠰᠠᠨ᠂ ᠬᠥᠮᠦᠰ ᠤᠨ ᠬᠦᠷᠢᠶᠡᠯᠡᠯ ᠢ ᠣᠯᠤᠭᠰᠠᠨ ᠨᠠᠷᠠᠲᠤ ᠲᠡᠮᠲᠡᠭᠲᠦ ᠳᠠᠭᠤᠨ ᠤ ᠲᠤᠭᠯᠠᠯᠲᠠ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ᠂ ᠤᠯᠠᠭᠠᠨᠮᠥ᠋ᠴᠢᠷ ᠤᠨ ᠲᠣᠭᠤᠷᠢᠨ ᠲᠣᠭᠯᠠᠯᠲᠠ᠂ ᠮᠠᠷᠠᠽᠤᠨ ᠢ ᠦᠵᠡᠮᠵᠢ ᠶᠢᠨ ᠣᠷᠣᠨ ᠳᠤ ᠣᠷᠣᠭᠤᠯᠬᠤ᠂ ᠬᠤᠷᠳᠤᠨ ᠮᠤᠷᠢᠨ ᠤ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠠᠮᠲᠤ ᠪᠠᠷ ᠲᠥᠰᠦᠪᠯᠡᠨ ᠡᠷᠭᠢᠯᠡᠵᠦ᠂ ᠵᠢᠭᠤᠯᠴᠢᠯᠠᠭᠰᠠᠳ ᠲᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠠᠴᠠ ᠣᠲᠣ ᠦᠶ᠎ᠡ ᠶᠢᠨ ︽ᠴᠡᠯᠡᠭᠡᠷ ᠲᠠᠯ᠎ᠠ ᠶᠢᠨ ᠳᠠᠭᠤᠯᠠᠯ︾ ᠤᠨ ᠠᠮᠢ ᠠᠬᠤᠶ ᠶᠢᠨ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠢ ᠮᠡᠳᠡᠷᠡᠭᠦᠯᠬᠦ ᠬᠡᠷᠡᠭᠲᠡᠶ᠃ ᠢᠵᠢ ᠪᠦᠷᠢᠳᠦᠭᠦᠯᠬᠦ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠭᠤᠶᠤᠵᠢᠭᠤᠯᠵᠤ᠂ ᠵᠠᠮ ᠬᠠᠷᠢᠯᠴᠠᠭ᠎ᠠ ᠶᠢ ᠰᠢᠯᠢᠳᠡᠭᠵᠢᠭᠦᠯᠵᠦ᠂ ᠠᠮᠢ ᠠᠬᠤᠢ ᠶᠢᠨ ᠲᠡᠷᠭᠡᠨ ᠵᠣᠭᠰᠣᠭᠠᠯ ᠢ ᠲᠡᠭᠦᠯᠳᠡᠷᠵᠢᠭᠦᠯᠵᠦ᠂ ᠲᠠᠯ᠎ᠠ ᠨᠤᠲᠤᠭ ᠤᠨ ᠵᠢᠭᠤᠯᠴᠢᠯᠠᠯ ᠤᠨ ᠲᠤᠰᠬᠠᠢ ᠱᠤᠭᠤᠮ ᠢ ᠰᠠᠶᠢᠲᠤᠷ ᠲᠤᠬᠢᠷᠠᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠸᠠᠩ ᠺᠦᠨ᠂ ᠼᠤᠤ ᡁᠢ ᠣᠷᠣᠯᠴᠠᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ