ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠪᠣᠯ ᠥᠪᠥᠷ ᠮᠣᠩᠭᠤᠯ ᠤᠨ ᠦᠨᠳᠦᠰᠦᠲᠡᠨ ᠤ ᠬᠤᠪᠢᠰᠬᠠᠯ᠂ | ᠦᠨᠳᠦᠰᠦᠲᠡᠨ ᠤ ᠴᠢᠯᠦᠭᠡᠯᠡᠯᠲᠡ ᠶᠢᠨ ᠲᠡᠦᠬᠡ᠂ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠳᠤᠷᠠᠰᠬᠠᠯ ᠤᠨ ᠴᠢᠨᠠᠷᠲᠠᠢ ᠦᠵᠡᠭᠦᠯᠭᠡ ᠶᠢᠨ | ᠣᠷᠳᠣᠨ ᠪᠣᠯᠣᠨ᠎ᠠ᠃ ᠮᠥᠨ ᠴᠸ ᠪᠦᠭᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠭᠦ ᠰᠠᠭᠤᠷᠢᠨ᠂ ᠪᠦᠭᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠤᠨ | ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠱᠢᠶ᠎ᠡ ᠦᠵᠡᠭᠦᠯᠭᠦ ᠰᠠᠭᠤᠷᠢᠨ᠂ ᠪᠦᠭᠦ ᠤᠯᠤᠰ ᠤᠨ ᠬᠤᠪᠢᠰᠬᠠᠯᠲᠤ ᠵᠢᠭᠤᠯᠴᠢᠯᠠᠯ ᠤᠨ ᠰᠣᠳᠣᠨ ᠱᠤᠭᠤᠮ | ᠪᠣᠯᠣᠨ᠎ᠠ᠃ | 2007 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠲᠠᠰᠢᠷᠠᠮ ᠳᠤ᠂ ᠥᠪᠥᠷ | ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠢ ᠬᠢᠩᠭᠠᠨ ᠠᠶᠢᠮᠠᠭ ᠤᠨ ᠤᠯᠠᠭᠠᠨᠬᠤᠲᠠ ᠳᠤ ᠪᠠᠶᠢᠭᠤᠯᠵᠤ ᠳᠠᠭᠤᠰᠬᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠪᠠ ᠦᠨᠳᠦᠰᠦᠲᠡᠨ ᠤ | ᠣᠷᠣᠨ ᠤ ᠬᠤᠪᠢᠷᠠᠯᠲᠠ ᠬᠥᠭᠵᠢᠯᠲᠡ ᠶᠢᠨ ᠲᠡᠦᠬᠡ ᠶᠢ ᠲᠤᠰᠬᠠᠭᠰᠠᠨ ᠪᠦᠭᠦ ᠤᠯᠤᠰ ᠤᠨ ᠴᠤᠷ ᠤᠨ ᠭᠠᠭᠴᠠ ᠳᠤᠷᠠᠰᠬᠠᠯ ᠤᠨ ᠣᠷᠳᠣᠨ ᠪᠣᠯᠤᠭᠰᠠᠨ ᠤ ᠬᠤᠪᠢ | ᠳᠤ ᠪᠠᠶᠢᠭᠤᠯᠤᠭᠳᠠᠭᠰᠠᠨ ᠠᠴᠠ ᠨᠠᠭᠠᠰᠢ ᠤᠳᠤ ᠪᠤᠯᠳᠠᠯ᠎ᠠ 1400 ᠰᠢᠬᠠᠮ ᠲᠡᠦᠬᠡ ᠶᠢᠨ ᠳᠤᠷᠠᠰᠬᠠᠯᠲᠤ ᠵᠦᠢᠯᠡᠰ ᠵᠢᠴᠢ ᠰᠤᠷᠪᠤᠯᠵᠢ ᠪᠢᠴᠢᠭ ᠢ ᠬᠠᠳᠠᠭᠠᠯᠠᠵᠤ᠂ | ᠨᠠᠶᠢᠳᠠ 800 ᠲᠦᠮᠡᠨ ᠵᠢᠭᠤᠯᠴᠢᠯᠠᠬᠰᠠᠳ ᠢ ᠭᠥᠯᠢᠶᠡᠨ ᠠᠪᠴᠤ ᠪᠤᠢ᠃ | | | | | ᠲᠠᠯᠠᠪᠤᠷ ᠤᠨ ᠪᠠᠲᠤᠯᠠᠭ᠎ᠠ ᠶᠢ ᠰᠠᠶᠢᠲᠤᠷ ᠬᠢᠵᠦ ᠬᠥᠮᠦᠵᠢᠯ ᠦᠢᠯᠡᠳᠦᠯᠭᠡ ᠶᠢᠨ ᠰᠠᠭᠤᠷᠢᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ | ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠪᠠᠷᠢᠯᠭ᠎ᠠ ᠶᠢᠨ ᠲᠠᠯᠠᠪᠠᠶ ᠨᠢ 2.4 ᠲᠦᠮᠡᠨ ᠲᠡᠭᠰᠢ | ᠳᠥᠷᠪᠡᠯᠵᠢᠨ ᠮᠧᠲᠷ᠂ ᠦᠵᠡᠭᠦᠯᠭᠡ ᠶᠢᠨ ᠲᠢᠩᠬᠢᠮ ᠨᠢ 3500 ᠲᠡᠭᠰᠢ ᠳᠥᠷᠪᠡᠯᠵᠢᠨ ᠮᠧᠲᠷ ᠪᠠᠶᠢᠳᠠᠭ᠃ ᠳᠤᠷᠠᠰᠬᠠᠯ ᠤᠨ ᠣᠷᠳᠣᠨ ᠤ ᠳᠡᠯᠭᠡᠨ ᠦᠵᠡᠭᠦᠯᠭᠡ ᠨᠢ | ᠭᠤᠣᠯᠳᠠᠭᠤ ᠭᠤᠷᠪᠠᠨ ᠬᠡᠰᠡᠭ ᠢᠶᠠᠷ ᠪᠦᠷᠢᠯᠳᠦᠵᠡᠢ᠃ ᠭᠤᠣᠯ ᠦᠵᠡᠭᠦᠯᠭᠡ ᠶᠢᠨ ᠲᠢᠩᠬᠢᠮ ᠨᠢ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ | ᠵᠣᠷᠢᠭ ᠰᠠᠨᠠᠭ᠎ᠠ ᠶᠢ ᠳᠡᠯᠭᠡᠨ ᠦᠵᠡᠭᠦᠯᠦᠭᠰᠡᠨ ᠭᠤᠣᠯ ᠰᠡᠳᠦᠪᠲᠦ ᠱᠤᠭᠤᠮᠠᠯ ︽ᠬᠤᠪᠢᠰᠬᠠᠯᠲᠤ ᠮᠣᠷᠢᠲᠤ ᠴᠡᠷᠢᠭ︾ ᠢᠶᠠᠷ ᠭᠤᠣᠯ ᠪᠤᠯᠭᠠᠵᠤ᠂ ᠥᠪᠥᠷ | ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠪᠦᠲᠦᠭᠡᠨ ᠪᠠᠶᠢᠭᠤᠯᠤᠯᠲᠠ᠂ ᠥᠪᠥᠷ ᠮᠣᠩᠭᠤᠯ ᠤᠨ ᠦᠨᠳᠦᠰᠦᠲᠡᠨ ᠤ | ᠴᠢᠯᠦᠭᠡᠯᠡᠯᠲᠡ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠡᠦᠬᠡᠨ ᠶᠠᠪᠤᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ | ᠪᠠᠶᠢᠭᠤᠯᠤᠯᠲᠠ ᠬᠢᠭᠡᠳ ᠬᠥᠭᠵᠢᠯᠲᠡ ᠶᠢ ᠳᠡᠯᠭᠡᠨ ᠦᠵᠡᠭᠦᠯᠪᠠ; ᠳᠡᠳ᠋ ᠦᠵᠡᠭᠦᠯᠭᠡ ᠶᠢᠨ ᠲᠢᠩᠬᠢᠮ ᠨᠢ ᠥᠪᠥᠷ ᠮᠣᠩᠭᠤᠯ ᠤᠨ ᠦᠨᠳᠦᠰᠦᠲᠡᠨ ᠤ | ᠴᠢᠯᠦᠭᠡᠯᠡᠯᠲᠡ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠷ ᠭᠤᠣᠯ ᠰᠢᠵᠢᠮ ᠪᠤᠯᠭᠠᠵᠤ᠂ ︽ᠬᠠᠪᠤᠷ ᠤᠨ ᠠᠶᠤᠩᠭ᠎ᠠ︾᠂ ︽ᠶᠠᠫᠤᠨ ᠢ ᠡᠰᠡᠷᠭᠦᠴᠡᠬᠦ | ᠳᠠᠶᠢᠨ ᠤ ᠲᠦᠳᠡᠭ︾᠂ ︽ᠢᠯᠠᠯᠲᠠ ᠶᠢᠨ ᠦᠦᠷ ᠤᠨ ᠲᠤᠶᠠᠭ᠎ᠠ︾᠂ ︽ᠥᠨᠢᠳᠡ ᠶᠢᠨ ᠥᠷᠯᠥᠭ ᠬᠥᠰᠢᠶ᠎ᠡ︾ ᠵᠡᠷᠭᠡ ᠲᠦᠷᠪᠡᠨ ᠬᠡᠰᠡᠭ ᠢᠶᠠᠷ ᠪᠦᠷᠢᠯᠳᠦᠵᠦ᠂ ᠥᠪᠥᠷ | ᠮᠣᠩᠭᠤᠯ ᠤᠨ ᠡᠷᠲᠡ ᠦᠶ᠎ᠡ ᠶᠢᠨ ᠬᠤᠪᠢᠰᠬᠠᠯ᠂ ᠶᠠᠫᠤᠨ ᠢ ᠡᠰᠡᠷᠭᠦᠴᠡᠬᠦ ᠲᠡᠮᠡᠴᠡᠯ᠂ ᠥᠪᠥᠷ ᠮᠣᠩᠭᠤᠯ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠢᠯᠠᠯᠲᠠ ᠪᠠ ᠨᠢᠭᠡᠳᠦᠯᠲᠡᠢ ᠣᠷᠣᠨ ᠬᠤᠪᠢᠶᠠᠷᠢᠯᠠᠯ ᠤᠨ ᠪᠦᠷᠢᠯᠳᠦᠯ ᠪᠠ ᠬᠥᠭᠵᠢᠯᠲᠡ ᠶᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪ ᠤᠳᠤᠷᠢᠳᠤᠯᠭ᠎ᠠ ᠳᠣᠣᠷ᠎ᠠ ᠦᠨᠳᠦᠰᠦᠲᠡᠨ ᠤ | ᠴᠢᠯᠦᠭᠡᠯᠡᠯᠲᠡ ᠶᠢ ᠲᠡᠮᠡᠴᠡᠨ ᠣᠯᠬᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠬᠦ ᠵᠠᠮ ᠢᠶᠠᠷ ᠵᠠᠮᠨᠠᠭᠰᠠᠨ ᠭᠡᠷᠡᠯ ᠰᠠᠴᠤᠷᠠᠩᠭᠤᠢ ᠲᠡᠦᠬᠡᠨ | ᠶᠠᠪᠤᠴᠠ ᠶᠢ ᠲᠤᠰᠬᠠᠨ ᠢᠯᠡᠷᠡᠭᠦᠯᠵᠡᠢ᠃ ᠭᠤᠷᠪᠠᠳᠤᠭᠠᠷ ᠬᠡᠰᠡᠭ ᠤᠨ ᠦᠷᠡᠭᠳᠡᠭᠰᠡᠨ ᠪᠠᠭᠠᠲᠤᠷᠴᠤᠳ ᠤᠨ ᠲᠢᠩᠬᠢᠮ ᠨᠢ ᠥᠪᠥᠷ ᠮᠣᠩᠭᠤᠯ ᠤᠨ ᠬᠤᠪᠢᠰᠬᠠᠯᠲᠤ | ᠬᠥᠳᠡᠯᠭᠡᠭᠡᠨ ᠤ ᠰᠦᠷᠯᠢᠭ ᠵᠢᠪᠬᠤᠯᠠᠩᠲᠤ ᠠᠶᠠᠯᠠᠯ ᠢᠶᠠᠷ ᠭᠤᠣᠯ ᠰᠢᠵᠢᠮ ᠪᠤᠯᠭᠠᠵᠤ᠂ 28 ᠵᠢᠯ ᠦᠷᠭᠦᠯᠵᠢᠯᠡᠭᠰᠡᠨ ᠰᠢᠨ᠎ᠡ ᠠᠷᠠᠳᠴᠢᠯᠠᠭᠰᠠᠨ ᠬᠤᠪᠢᠰᠬᠠᠯ ᠤᠨ | ᠴᠠᠭ ᠦᠶ᠎ᠡ ᠳᠤ ᠥᠪᠥᠷ ᠮᠣᠩᠭᠤᠯ ᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠦᠨᠳᠦᠰᠦᠲᠡᠨ ᠤ ᠴᠢᠯᠦᠭᠡᠯᠡᠯᠲᠡ᠂ ᠰᠢᠨ᠎ᠡ ᠳᠤᠮᠳᠠᠳᠤ ᠤᠯᠤᠰ ᠢ | ᠪᠠᠶᠢᠭᠤᠯᠬᠤ ᠶᠢᠨ ᠲᠥᠯᠥᠭᠡ ᠬᠦᠴᠦᠷᠬᠡᠭᠯᠡᠯ ᠠᠴᠠ ᠠᠶᠤᠬᠤ ᠦᠭᠡᠢ᠂ ᠠᠮᠢ ᠪᠡᠶ᠎ᠡ ᠪᠠᠨ ᠴᠦᠯᠡᠨ ᠲᠡᠮᠡᠴᠡᠭᠰᠡᠨ ᠬᠤᠪᠢᠰᠬᠠᠯᠲᠤ ᠵᠣᠷᠢᠭ ᠰᠠᠨᠠᠭ᠎ᠠ ᠶᠢ | ᠭᠤᠣᠯᠳᠠᠯᠭ᠎ᠠ ᠲᠠᠢ ᠳᠡᠯᠭᠡᠨ ᠦᠵᠡᠭᠦᠯᠦᠭᠰᠡᠨ ᠪᠠᠶᠢᠨ᠎ᠠ᠃ | ︽ᠳᠤᠷᠠᠰᠬᠠᠯ ᠤᠨ ᠣᠷᠳᠣᠨ ᠨᠢ ᠳᠠᠭᠤ᠂ ᠭᠡᠷᠡᠯ᠂ VR ᠵᠡᠷᠭᠡ ᠤᠳᠤ ᠦᠶ᠎ᠡ ᠶᠢᠨ ᠵᠠᠭᠤᠴᠢᠯᠠᠭᠤᠷ ᠤᠨ ᠠᠷᠭ᠎ᠠ ᠪᠠᠷᠢᠯ ᠢ ᠴᠢᠬᠤᠯᠠ ᠶᠡᠭᠡ ᠲᠡᠦᠬᠡᠨ | ᠰᠡᠳᠦᠪᠲᠦ ᠹᠢᠯᠢᠮ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ | ᠬᠤᠪᠢ ᠨᠡᠮᠡᠭᠦᠷᠢ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠴᠢᠬᠤᠯᠠ ᠲᠡᠦᠬᠡᠨ ᠬᠡᠷᠡᠭ ᠶᠠᠪᠤᠳᠠᠯ᠂ ᠴᠢᠬᠤᠯᠠ ᠵᠠᠩᠭᠢᠯᠠᠭ᠎ᠠ ᠶᠢᠨ ᠴᠡᠭ ᠢ | ᠲᠣᠪᠤᠶᠢᠯᠭᠠᠪᠠ︾ ᠭᠡᠵᠦ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠳᠠᠷᠤᠭ᠎ᠠ ᠵᠤᠤ ᠰᠢᠶᠣᠣ ᠸᠧᠢ | ᠲᠠᠨᠢᠯᠴᠠᠭᠤᠯᠪᠠ᠃ | | | | | ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠬᠠᠭᠤᠯᠭ᠎ᠠ ᠬᠥᠮᠦᠵᠢᠯ ᠢ ᠤᠶᠠᠯᠳᠤᠭᠤᠯᠵᠤ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ | ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠭᠤᠣᠯ ᠰᠡᠳᠦᠪᠲᠦ ᠭᠡᠷᠡᠯ ᠵᠢᠷᠤᠭ ᠤᠨ | ᠦᠵᠡᠭᠦᠯᠭᠡ᠂ ︽ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠳᠠᠷᠠᠭᠤᠯᠤᠶ᠎ᠠ - ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠭᠰᠡᠨ ᠦᠢᠯᠡᠳᠦᠯᠭᠡ ᠶᠢᠨ ᠲᠤᠰᠬᠠᠢ ᠰᠡᠳᠦᠪᠲᠦ ᠦᠵᠡᠭᠦᠯᠭᠡ︾ ᠶᠢᠨ ᠲᠣᠭᠤᠷᠢᠨ ᠦᠵᠡᠭᠦᠯᠭᠡ᠂ ︽ᠠᠴᠢ ᠡᠨᠡᠷᠢᠯ ᠳᠤ ᠲᠠᠯᠠᠷᠬᠠᠵᠤ᠂ | ᠨᠠᠮ ᠢᠶᠠᠨ ᠲᠠᠭᠠᠨ ᠡᠷᠡᠮᠡᠬᠡᠶᠢᠯᠡᠨ ᠤᠷᠤᠭᠰᠢᠯᠠᠶ᠎ᠠ︾ ᠭᠤᠣᠯ ᠰᠡᠳᠦᠪᠲᠦ ᠦᠵᠡᠭᠦᠯᠭᠡ᠂ ︽ᠵᠧᠦ ᠧᠨ ᠯᠠᠢ ᠶᠢᠨ ᠳᠤᠮᠳᠠᠳᠤ ᠰᠤᠷᠭᠠᠭᠤᠯᠢ ᠶᠢᠨ ᠦᠶ᠎ᠡ ᠶᠢᠨ | ᠵᠣᠬᠢᠶᠠᠯ ᠤᠨ ᠦᠵᠡᠭᠦᠯᠭᠡ︾ ᠵᠡᠷᠭᠡ ᠶᠢ ᠡᠷᠭᠢᠯᠡᠵᠦ ᠨᠠᠶᠢᠳᠡ 15 ᠲᠦᠮᠡᠨ ᠬᠥᠮᠥᠨ ᠤᠳᠠᠭ᠎ᠠ ᠶᠢ ᠭᠥᠯᠢᠶᠡᠨ ᠠᠪᠴᠠᠢ; ᠴᠠᠭᠠᠨ ᠰᠠᠷ᠎ᠠ᠂ ᠲᠤᠯᠤᠭᠠᠨ | ᠰᠠᠷ᠎ᠠ ᠶᠢᠨ ᠨᠢᠭᠡᠨ᠂ ᠠᠷᠪᠠᠨ ᠰᠠᠷ᠎ᠠ ᠶᠢᠨ ᠨᠢᠭᠡᠨ ᠵᠡᠷᠭᠡ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠨᠡᠷᠡᠳᠦ ᠤᠷᠠᠨ ᠪᠢᠴᠢᠯᠭᠡᠲᠡᠨ ᠢ ᠤᠷᠢᠵᠤ | ᠬᠤᠣᠰ ᠤᠶᠠᠩᠭ᠎ᠠ ᠪᠢᠴᠢᠭᠦᠯᠬᠦ᠂ ᠬᠤᠪᠢᠰᠬᠠᠯᠲᠤ ᠳᠠᠭᠤᠤ ᠳᠠᠭᠤᠯᠠᠬᠤ᠂ ᠴᠠᠭᠠᠰᠤᠨ ᠬᠠᠶᠢᠴᠢᠯᠠᠮᠠᠯ ᠦᠢᠯᠡᠳᠬᠦ ᠵᠡᠷᠭᠡ ᠪᠠᠶᠠᠯᠢᠭ ᠰᠠᠶᠢᠬᠠᠨ ᠭᠤᠣᠯ ᠰᠡᠳᠦᠪᠲᠦ | ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ | ︽ᠬᠤᠪᠢᠰᠬᠠᠯᠲᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠢᠴᠢᠶᠡᠯ + ᠲᠤᠰᠬᠠᠢ ᠮᠡᠷᠭᠡᠵᠢᠯ ᠤᠨ ᠲᠠᠶᠢᠯᠤᠮᠵᠢ ᠪᠣᠯᠪᠠᠰᠤᠷᠠᠯ + ᠦᠢᠯᠡᠳᠦᠯᠭᠡ ᠶᠢᠨ | ᠲᠠᠶᠢᠯᠤᠮᠵᠢ ᠪᠣᠯᠪᠠᠰᠤᠷᠠᠯ︾ ᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ 2024 ᠣᠨ ᠤ 5 ᠰᠠᠷ᠎ᠠ ᠳᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠦᠽᠧᠢ ᠶᠢᠨ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠤᠭᠰᠠᠨ ᠦᠷ᠎ᠡ ᠳ᠋ᠦᠩ ᠳᠤ᠂ | ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠵᠠᠯᠠᠭᠤᠴᠤᠳ ᠪᠠᠭᠠᠴᠤᠳ ᠤᠨ ᠬᠤᠪᠢᠰᠬᠠᠯᠲᠤ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠬᠡᠷᠡᠭ ᠤᠨ ᠵᠢᠱᠢᠶ᠎ᠡ ᠪᠠᠷ ᠲᠣᠳᠣᠷᠠᠪᠠ᠃ 2024 ᠣᠨ ᠤ ᠡᠴᠦᠰ ᠪᠤᠯᠲᠠᠯ᠎ᠠ᠂ ᠥᠪᠥᠷ ᠮᠣᠩᠭᠤᠯ ᠤᠨ | ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ᠨᠡᠶᠢᠲᠡ 268 ᠬᠤᠭᠤᠴᠠᠭᠠᠨ ᠤ ︽ᠪᠢᠴᠢᠬᠠᠨ ᠲᠠᠶᠢᠯᠪᠤᠷᠢᠯᠠᠭᠴᠢ︾ ᠶᠢᠨ ᠪᠣᠯᠪᠠᠰᠤᠷᠠᠯ + | ᠦᠢᠯᠡᠳᠦᠯᠭᠡ ᠶᠢᠨ ᠠᠩᠭᠢ ᠵᠢᠴᠢ ᠬᠤᠪᠢᠰᠬᠠᠯᠲᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ 500 ᠰᠢᠬᠠᠮ ᠰᠢᠯᠢᠳᠡᠭ ︽ᠪᠢᠴᠢᠬᠠᠨ | ᠲᠠᠶᠢᠯᠪᠤᠷᠢᠯᠠᠭᠴᠢ︾ ᠶᠢ ᠬᠥᠮᠥᠵᠢᠭᠦᠯᠪᠡ᠃ | ᠭᠥᠯᠢᠶᠡᠨ ᠠᠪᠤᠭᠴᠢᠳ ᠤᠨ ᠡᠩᠨᠡᠭᠡ ᠶᠢ ᠥᠷᠭᠡᠳᠬᠡᠵᠦ᠂ ᠬᠤᠪᠢᠰᠬᠠᠯᠲᠤ ᠰᠣᠶᠣᠯ ᠢ ᠨᠠᠩ ᠰᠠᠶᠢᠲᠤᠷ ᠣᠶᠢᠯᠠᠭᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ | ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ᠂ ᠴᠤᠤᠷᠢᠶ᠎ᠠ ᠳᠤ ᠤᠷᠢᠳ ᠬᠤᠵᠢᠳ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠣᠬᠤᠷ ᠸᠢᠳᠢᠤ᠋ ᠶᠢ | ᠨᠠᠪᠲᠠᠷᠡᠭᠦᠯᠵᠦ᠂ ᠬᠤᠪᠢᠰᠬᠠᠯᠲᠤ ᠲᠡᠦᠬᠡᠨ ᠳᠤᠷᠠᠰᠬᠠᠯᠲᠤ ᠵᠦᠢᠯᠡᠰ ᠤᠨ ᠦᠯᠢᠭᠡᠷ ᠢ ᠵᠢᠷᠭᠤᠭᠠᠨ ᠬᠤᠭᠤᠴᠠᠭ᠎ᠠ ᠵᠠᠯᠭᠠᠭ᠎ᠠ ᠪᠠᠷ ᠨᠡᠶᠢᠲᠡᠯᠡᠵᠦ᠂ ︽ᠬᠤᠪᠢᠰᠬᠠᠯ ᠤᠨ | ᠬᠠᠭᠤᠴᠢ ᠪᠠᠭᠤᠷᠢ ᠪᠠᠷ ᠠᠶᠢᠯᠴᠢᠯᠠᠬᠰᠠᠨ ᠨᠢ︾ ᠭᠡᠬᠦ ᠣᠬᠤᠷ ᠸᠢᠳᠢᠤ᠋ ᠶᠢ ᠲᠤᠯᠤᠭᠠᠨ ᠬᠤᠭᠤᠴᠠᠭ᠎ᠠ ᠨᠠᠪᠲᠠᠷᠡᠭᠦᠯᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠲᠤᠰᠬᠠᠢ ᠰᠡᠳᠦᠪᠲᠦ ᠣᠬᠤᠷ ᠸᠢᠳᠢᠤ᠋ ᠶᠢ ᠠᠷᠪᠠᠨ ᠭᠤᠷᠪᠠᠨ | ᠬᠤᠭᠤᠴᠠᠭ᠎ᠠ ᠳᠡᠯᠭᠡᠨ ᠨᠠᠪᠲᠠᠷᠡᠭᠦᠯᠵᠦ᠂ ᠬᠤᠪᠢᠰᠬᠠᠯᠲᠤ ᠲᠡᠦᠬᠡᠨ ᠳᠤᠷᠠᠰᠬᠠᠯᠲᠤ ᠵᠦᠢᠯᠡᠰ ᠤᠨ ᠸᠢᠳᠢᠤ᠋ ᠤᠬᠠᠭᠤᠯᠭ᠎ᠠ ᠶᠢ ᠬᠤᠷᠢᠨ ᠳᠥᠷᠪᠡᠨ ᠬᠤᠭᠤᠴᠠᠭ᠎ᠠ | ᠨᠠᠪᠲᠠᠷᠡᠭᠦᠯᠵᠦ᠂ ᠰᠦᠯᠵᠢᠶᠡᠨ ᠳᠡᠭᠡᠷᠡᠬᠢ ᠦᠵᠡᠭᠴᠢᠳ ᠤᠨ ᠲᠤᠭ᠎ᠠ 20 ᠲᠦᠮᠡᠨ ᠬᠥᠮᠥᠨ ᠤᠳᠠᠭ᠎ᠠ ᠳᠤ ᠬᠦᠷᠴᠡᠢ᠃ | | | | | ᠴᠢᠳᠠᠪᠤᠷᠢᠲᠠᠨ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠬᠤᠪᠢᠰᠬᠠᠯᠲᠤ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ | ᠬᠥᠮᠥᠵᠢᠭᠦᠯᠦᠨ᠎ᠡ | ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠪᠠᠶᠢᠭᠤᠯᠤᠮᠵᠢ ᠲᠣᠭᠲᠠᠴᠠ ᠪᠦᠷᠢᠨ ᠲᠡᠭᠦᠯᠳᠡᠷ ᠪᠠᠶᠢᠵᠤ᠂ | ᠥᠨᠳᠥᠷ ᠬᠡᠪ ᠪᠣᠯᠪᠠᠰᠤᠷᠠᠯ ᠪᠦᠬᠦᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ | ᠦᠢᠯᠡᠳᠦᠯᠭᠡ ᠶᠢᠨ ᠲᠤᠰᠬᠠᠢ ᠮᠡᠷᠭᠡᠵᠢᠯ ᠤᠨ ᠡᠩᠨᠡᠭᠡ ᠪᠣᠯᠣᠨ᠎ᠠ᠃ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ᠮᠤᠵᠢ ᠶᠢᠨ ᠲᠡᠰ ᠤᠨ᠂ ᠤᠯᠤᠰ ᠤᠨ | ᠲᠡᠰ ᠤᠨ ᠡᠯ᠎ᠡ ᠲᠥᠷᠥᠯ ᠤᠨ ᠰᠣᠯᠢᠯᠴᠠᠭᠠᠨ ᠤ ᠬᠤᠷᠠᠯ᠂ ᠰᠤᠳᠤᠯᠤᠨ ᠶᠠᠷᠢᠯᠴᠠᠬᠤ ᠬᠤᠷᠠᠯ᠂ ᠪᠣᠯᠪᠠᠰᠤᠷᠠᠯ ᠤᠨ ᠠᠩᠭᠢ᠂ ᠲᠠᠶᠢᠯᠪᠤᠷᠢᠯᠠᠭᠴᠢ ᠶᠢᠨ ᠤᠷᠤᠯᠳᠤᠭᠠᠨ | ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠤᠰᠤᠳ ᠰᠣᠶᠣᠯ ᠤᠨ ᠮᠦᠽᠧᠢ ᠶᠢᠨ ᠬᠦᠷᠢᠶᠡᠯᠡᠩ ᠲᠠᠢ ᠥᠷᠭᠡᠨ ᠳᠡᠯᠭᠡᠷ ᠬᠠᠷᠢᠯᠴᠠᠭ᠎ᠠ ᠪᠠᠶᠢᠭᠤᠯᠵᠤ᠂ | ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠤᠬᠠᠭᠤᠯᠤᠨ ᠲᠠᠶᠢᠯᠪᠤᠷᠢᠯᠠᠬᠤ | ᠪᠦᠯᠭᠦᠮ ᠤᠨ ᠬᠢᠨ ᠤᠯᠤᠰ ᠤᠨ ᠲᠠᠰ ᠤᠨ ᠱᠠᠩᠨᠠᠯ ᠢ 5᠂ ᠮᠤᠵᠢ ᠶᠠᠮᠤᠨ ᠤ ᠲᠠᠰ ᠤᠨ ᠱᠠᠩᠨᠠᠯ ᠢ 8᠂ ᠠᠶᠢᠮᠠᠭ ᠤᠨ ᠲᠡᠰ ᠤᠨ ᠱᠠᠩᠨᠠᠯ ᠢ 26 ᠬᠦᠷᠲᠡᠵᠦ᠂ | ︽ᠬᠢᠩᠭᠠᠨ ᠠᠶᠢᠮᠠᠭ ᠤᠨ ᠰᠢᠯᠢᠳᠡᠭ ᠵᠠᠯᠠᠭᠤ ᠰᠠᠶᠢᠨ ᠲᠤᠷᠠᠴᠤᠳ︾ ᠤᠨ ᠱᠠᠩᠨᠠᠯ ᠢ ᠣᠯᠠᠨᠲᠠ ᠬᠦᠷᠲᠡᠵᠡᠢ᠃ | ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ︽ᠬᠦᠰᠡᠯ ᠵᠡᠭᠦᠳᠦ ᠶᠢᠨ ᠬᠥᠭᠡᠭᠡᠴᠡᠯᠳᠦᠭᠴᠢ - ᠶᠤᠸᠠᠨ ᠯᠦᠩ ᠫᠢᠩ︾᠂ ︽ᠪᠠᠭᠠᠲᠤᠷ ᠡᠬᠡ ᠰᠤᠷᠤᠨ᠎ᠠ︾᠂ | ︽ᠠᠵᠢᠯᠴᠢ ᠭᠦᠳᠡᠯᠮᠦᠷᠢᠴᠢ ᠱᠦᠵᠢ ᠪᠣᠯᠣᠨ ᠲᠡᠭᠦᠨ ᠤ ᠳᠥᠷᠪᠡᠨ ᠶᠡᠭᠡ︿ᠡᠷᠳᠡᠨᠢ﹀︾᠂ ︽ᠰᠢᠷᠭᠠᠭᠤ ᠬᠠᠲᠠᠭᠤᠵᠢᠯᠲᠠᠢ ᠦᠢᠯᠡᠰ ᠪᠣᠰᠬᠠᠭᠴᠢ ︿ᠡᠮᠡᠭᠲᠡᠢ ᠰᠢᠨ᠎ᠡ | ᠲᠠᠷᠢᠶᠠᠴᠢᠨ﹀ ᠵᠢᠶᠠᠩ ᡁᠢ ᠬᠤᠸᠠ︾ ᠵᠡᠷᠭᠡ ᠨᠢᠭᠡ ᠪᠦᠯᠦᠭ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ᠂ ᠠᠭᠤᠤ ᠶᠡᠭᠡ ᠴᠠᠭ ᠦᠶ᠎ᠡ ᠶᠢ ᠮᠠᠭᠲᠠᠨ | ᠳᠠᠭᠤᠯᠠᠭᠰᠠᠨ ᠰᠢᠯᠢᠳᠡᠭ ᠪᠦᠲᠦᠭᠡᠯ ᠢ ᠨᠠᠶᠢᠷᠠᠭᠤᠯᠤᠨ ᠪᠢᠴᠢᠵᠦ᠂ ᠶᠠᠷᠢᠶ᠎ᠠ ᠢᠯᠡᠳᠬᠡᠯ ᠳᠤ ᠬᠤᠪᠢᠰᠬᠠᠯᠲᠤ ᠵᠣᠷᠢᠭ ᠰᠠᠨᠠᠭ᠎ᠠ ᠶᠢ ᠠᠭᠤᠰᠬᠠᠵᠤ᠂ ᠲᠡᠦᠬᠡ ᠶᠢ | ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠪᠠ ᠨᠠᠮ ᠤᠨ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ | ᠲᠠᠶᠢᠯᠪᠤᠷᠢᠯᠠᠭᠴᠢ ᠶᠢᠨ ᠡᠩᠨᠡᠭᠡ ᠶᠢ ᠨᠡᠩ ᠰᠠᠶᠢᠲᠤᠷ ᠳᠠᠪᠲᠠᠨ ᠪᠣᠯᠪᠠᠰᠤᠷᠠᠭᠤᠯᠪᠠ᠃ | ︽ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ︿ᠲᠤᠯᠤᠭ᠎ᠠ ᠳᠤ ᠣᠷᠣᠭᠤᠯᠬᠤ﹀ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ᠂ ᠨᠡᠶᠢᠭᠡᠮ | ᠲᠣᠭᠤᠷᠢᠭ᠂ ᠴᠡᠷᠢᠭ ᠤᠨ ᠬᠤᠸᠠᠷᠠᠨ ᠵᠡᠷᠭᠡ ᠭᠠᠵᠠᠷ ᠢᠶᠠᠷ ᠬᠦᠷᠴᠦ᠂ ᠬᠤᠪᠢᠰᠬᠠᠯᠲᠤ ᠦᠯᠢᠭᠡᠷ ᠢ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠦᠯᠢᠭᠡᠷ ᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠦᠯᠢᠭᠡᠷ᠂ ᠬᠤᠪᠢᠰᠬᠠᠯᠲᠤ ᠦᠯᠢᠭᠡᠷ᠂ | ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠠᠮ ᠢᠶᠠᠨ ᠡᠭᠦᠷᠢᠳᠡ ᠲᠠᠭᠠᠬᠤ ᠢᠲᠡᠭᠡᠯ ᠪᠢᠰᠢᠷᠡᠯ᠂ | ᠢᠲᠡᠭᠡᠯ ᠵᠣᠷᠢᠭ ᠢ ᠲᠠᠰᠤᠷᠠᠯᠳᠡ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠬᠠᠷᠢᠭᠤᠴᠠᠯᠭ᠎ᠠ ᠪᠠ ᠡᠭᠦᠷᠭᠡᠯᠡᠯ ᠢ ᠦᠨᠡᠨ ᠬᠦ ᠡᠭᠦᠷᠭᠡᠯᠡᠪᠡ︾ ᠭᠡᠵᠦ ᠥᠪᠥᠷ | ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠤᠬᠠᠭᠤᠯᠭ᠎ᠠ ᠬᠥᠮᠦᠵᠢᠯ ᠤᠨ ᠬᠡᠯᠲᠡᠰ ᠤᠨ ᠡᠷᠭᠢᠯᠡᠭᠴᠢ ᠷᠦᠡᠭ ᠰᠢᠤᠸᠠᠢ | ᠯᠢᠶᠠᠨ ᠬᠡᠯᠡᠪᠡ᠃ | ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠪᠣᠯ ᠬᠤᠪᠢᠰᠬᠠᠯᠲᠤ ᠲᠡᠦᠬᠡ ᠶᠢ ᠳᠡᠯᠭᠡᠨ ᠦᠵᠡᠭᠦᠯᠭᠦ | ᠲᠠᠪᠴᠠᠩ ᠪᠤᠯᠬᠤ ᠪᠠᠷ ᠪᠠᠷᠠᠬᠤ ᠦᠭᠡᠢ ᠨᠠᠩ ᠴᠤ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠣᠨ᠎ᠠ᠃ ᠬᠤᠶᠢᠰᠢᠳᠠ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ | ᠣᠷᠳᠣᠨ ᠨᠢ ᠬᠤᠪᠢᠰᠬᠠᠯ ᠤᠨ ᠡᠬᠢ ᠪᠠᠶᠠᠯᠢᠭ ᠢ ᠦᠷᠭᠦᠯᠵᠢᠯᠡᠨ ᠰᠠᠶᠢᠲᠤᠷ ᠠᠰᠢᠭᠯᠠᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ | ᠰᠣᠶᠣᠯ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠠᠶᠢᠲᠤᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | | | | | ︵ᠭᠡᠷᠡᠯ ᠵᠢᠷᠤᠭ ᠤᠳ ᠪᠣᠯ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠬᠡᠰᠡᠭ ᠦᠵᠡᠭᠳᠡᠯ ᠪᠣᠯᠣᠨ᠎ᠠ︶ | |