ᠬᠥᠬᠡᠬᠤᠲᠠ ᠰᠤᠷᠭᠠᠨ ᠬᠥᠮᠦᠵᠢᠯ ᠤᠨ ᠣᠨᠴᠠᠭᠠᠶ ᠨᠥᠬᠦᠪᠥᠷᠢ ᠶᠢᠨ ᠪᠠᠯᠠ ᠮᠥᠩᠭᠦ ᠶᠢ 241 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2025/3/26
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠸᠠᠩ ᠰᠢᠦ ᠵᠢᠤᠸᠠᠨ︶ ︽2025 ᠣᠨ ᠤ ᠰᠤᠷᠭᠠᠨ ᠬᠥᠮᠦᠵᠢᠯ ᠤᠨ ᠣᠨᠴᠠᠭᠠᠢ ᠨᠥᠬᠦᠪᠥᠷᠢ ᠶᠢᠨ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠬᠥᠬᠡᠬᠤᠲᠠ 2025 ᠣᠨ ᠤ ᠰᠤᠷᠭᠠᠨ ᠬᠥᠮᠦᠵᠢᠯ ᠤᠨ ᠣᠨᠴᠠᠭᠠᠶ ᠨᠥᠬᠦᠪᠥᠷᠢ ᠶᠢᠨ ᠪᠠᠯᠠ ᠮᠥᠩᠭᠦ ᠶᠢ 241 ᠲᠦᠮᠡᠨ ᠲᠥᠭᠦᠷᠢᠭ ᠪᠠᠭᠤᠯᠭᠠᠪᠠ᠃      ᠰᠤᠷᠭᠠᠨ ᠬᠥᠮᠦᠵᠢᠯ ᠤᠨ ᠣᠨᠴᠠᠭᠠᠢ ᠲᠤᠰᠠᠯᠠᠮᠵᠢ ᠶᠢᠨ ᠲᠤᠰᠬᠠᠶ ᠵᠦᠢᠯ ᠤᠨ ᠪᠡᠯᠡ ᠮᠥᠩᠭᠦ ᠪᠣᠯ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠦᠬᠦ ᠣᠷᠣᠨ ᠤ ᠰᠤᠷᠭᠠᠨ ᠬᠥᠮᠦᠵᠢᠯ ᠤᠨ ᠬᠥᠭᠵᠢᠭᠦᠯᠦᠯᠲᠡ ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠤᠨᠴᠠᠭᠠᠢ ᠬᠦᠴᠢᠷᠳᠡᠯ ᠪᠣᠯᠤᠨ ᠳᠣᠪᠤᠶᠢᠮ᠎ᠠ ᠠᠰᠠᠭᠤᠳᠠᠯ ᠢ ᠨᠠᠮᠳᠠᠭᠤᠯᠬᠤ ᠳᠤ ᠬᠡᠷᠡᠭᠯᠡᠬᠦ ᠪᠡᠯᠡ ᠮᠥᠩᠭᠦ ᠪᠣᠯᠤᠨ᠎ᠠ᠃ ᠡᠭᠦᠨ ᠤ ᠲᠤᠯᠠᠳᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠯᠪᠣᠭᠳᠠᠯ ᠪᠥᠬᠦᠶ ᠬᠤᠰᠢᠭᠤ ᠰᠢᠶᠠᠨ ᠲᠣᠭᠤᠷᠢᠭ᠂ ᠨᠢᠭᠡᠴᠢ ᠶᠢ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠪᠠᠯᠠ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠢᠳᠬᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ