ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 23 ᠤ ᠴᠠᠬᠢᠯᠭᠠᠨ ᠮᠡᠳᠡᠭᠡ ︵ᠰᠣᠷᠪᠤᠯᠵᠢᠯᠠᠭᠴᠢ ᠬᠠᠨ ᠵᠢᠢ ᠳ᠋ᠦᠩ ᠰᠢᠤᠸᠠᠢ︶ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 23 ᠤ ᠦᠳᠡ ᠶᠢᠨ ᠡᠮᠦᠨ᠎ᠡ ᠪᠡᠭᠡᠵᠢᠩ ᠳᠤ ᠳᠤᠮᠳᠠᠳᠤ ᠤᠯᠤᠰ ᠤᠨ ᠬᠥᠭᠵᠢᠯᠲᠡ ᠶᠢᠨ | ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠥᠭᠡᠳ ᠭᠤᠣᠯ | ᠵᠣᠷᠢᠯᠲᠠᠲᠤ ᠶᠠᠷᠢᠶ᠎ᠠ ᠲᠠᠯᠪᠢᠪᠠ ᠃ | ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨᠴᠢᠯᠠᠨ᠂ ᠬᠥᠭᠵᠢᠯᠲᠡ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ | ᠭᠤᠣᠯ ᠰᠡᠳᠦᠪ ᠮᠥᠨ᠃ ᠤᠯᠠᠨ ᠢᠶᠠᠷ ᠢᠶᠠᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠬᠠᠨᠳᠤᠰᠢ ᠶᠢ ᠴᠤ ᠮᠠᠰᠢ ᠠᠩᠬᠠᠷᠴᠤ ᠪᠠᠶᠢᠨ᠎ᠠ᠃ ᠬᠡᠰᠡᠭ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠠᠵᠤ ᠠᠬᠤᠢ | ᠪᠣᠯᠣᠨ ᠳᠡᠯᠡᠬᠡᠢ ᠶᠢᠨ ᠪᠠᠶᠢᠳᠠᠯ ᠤᠨ ᠲᠤᠬᠠᠢ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠠᠵᠢᠭᠯᠠᠬᠤ ᠪᠠ ᠵᠠᠳᠠᠯᠤᠭᠰᠠᠨ ᠨᠢ ᠮᠠᠰᠢ ᠣᠯᠠᠨ ᠭᠡᠵᠦ | ᠬᠡᠯᠡᠵᠦ ᠪᠣᠯᠣᠨ᠎ᠠ᠂ ᠡᠭᠦᠨ ᠳᠤ ᠦᠨᠡᠨ ᠮᠡᠳᠡᠯᠭᠡ ᠨᠡᠪᠲᠡᠷᠬᠡᠢ ᠦᠵᠡᠯᠲᠡ ᠮᠤᠩ ᠦᠭᠡᠢ ᠤᠯᠠᠨ ᠪᠤᠢ᠃ ᠠᠳᠡ ᠪᠢ ᠪᠠᠰᠠ ᠭᠤᠷᠪᠠᠨ ᠬᠠᠷᠠᠭᠠᠰᠤ ᠠᠴᠠ ᠣᠯᠠᠨ ᠳᠤ | ᠠᠵᠢᠭᠯᠠᠯᠲᠠ ᠪᠠ ᠪᠣᠳᠣᠯᠬᠢᠯᠠᠯ ᠢᠶᠠᠨ ᠬᠤᠪᠢᠶᠠᠯᠴᠠᠶ᠎ᠠ ᠭᠡᠵᠦ ᠪᠤᠳᠤᠵᠤ ᠪᠠᠶᠢᠨ᠎ᠠ᠃ | ᠨᠢᠭᠡᠳᠦᠭᠡᠷ ᠬᠠᠷᠠᠭᠠᠰᠤ᠄ ︽ᠴᠠᠭᠠᠨᠰᠠᠷ᠎ᠠ ᠶᠢᠨ ᠠᠵᠤ ᠠᠬᠤᠢ︾ ᠠᠴᠠ ᠳᠤᠮᠳᠠᠳᠤ ᠤᠯᠤᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠠᠵᠢᠬᠤᠢ᠃ | ᠡᠨᠡ ᠵᠢᠯ ᠤᠨ ᠴᠠᠭᠠᠨ ᠰᠠᠷ᠎ᠠ ᠶᠢᠨ ᠤᠷᠢᠳ ᠬᠤᠵᠢᠳ᠂ ᠳᠤᠮᠳᠠᠳᠤ ᠤᠯᠤᠰ ᠤᠨ ᠠᠵᠤ ᠠᠬᠤᠢ ᠳᠤ ᠨᠢᠭᠡ ᠪᠦᠯᠦᠭ ᠦᠵᠡᠭᠳᠡᠯ ᠤᠨ ᠲᠠᠰ ᠤᠨ ᠭᠢᠯᠠᠰ ᠴᠡᠭ ᠢᠯᠡᠷᠡᠪᠡ | ᠃ ᠺᠢᠨᠣ᠋᠂ ᠮᠥᠰᠥ ᠴᠠᠰᠤ᠂ ᠰᠣᠶᠣᠯ ᠵᠢᠭᠤᠯᠴᠢᠯᠠᠯ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠮᠰᠢᠯ ᠴᠡᠭ ᠵᠠᠯᠭᠠᠭ᠎ᠠ ᠪᠠᠷ ᠢᠯᠡᠷᠡᠵᠦ᠂ ᠤᠯᠤᠰ ᠤᠨ | ᠳᠣᠲᠣᠭᠠᠳᠤ ᠶᠢᠨ ᠠᠵᠤ ᠠᠬᠤᠢ ᠶᠢᠨ ᠣᠷᠴᠢᠯ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ᠃ ︽ᠬᠠᠩᠵᠧᠦ ᠶᠢᠨ ᠵᠢᠷᠭᠤᠭᠠᠨ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠠᠵᠤ ᠠᠬᠤᠶᠢᠯᠠᠯ︾ ᠵᠡᠷᠭᠡ ᠠᠩᠬ᠎ᠠ ᠪᠠᠶᠢᠭᠤᠯᠵᠤ ᠪᠠᠶᠢᠭ᠎ᠠ ᠠᠵᠤ ᠠᠬᠤᠶᠢᠯᠠᠯ ᠢᠶᠠᠷ ᠲᠥᠯᠥᠭᠡᠯᠡᠭᠦᠯᠦᠭᠰᠡᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠪᠲᠤᠯᠤᠯᠲᠠ ᠲᠠᠰᠤᠷᠠᠯᠲᠠ ᠦᠭᠡᠢ ᠢᠯᠡᠷᠡᠵᠦ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠯᠤᠲᠤ ᠶᠡᠭᠡ ᠡᠨᠧᠷᠭᠢ ᠶᠢ ᠢᠯᠡᠷᠡᠭᠦᠯᠪᠡ᠃ ᠪᠣᠬᠢᠷᠳᠤᠯ | ᠦᠭᠡᠢ ᠭᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠪᠣᠬᠢᠷᠳᠤᠯ ᠦᠭᠡᠢ ᠠᠵᠤ ᠠᠬᠤᠢ ᠨᠢ ᠬᠡᠪ ᠵᠠᠩᠰᠢᠯ ᠪᠣᠯᠵᠤ᠂ ᠭᠡᠯᠪᠡᠷᠢ ᠪᠠᠨ | ᠬᠤᠪᠢᠷᠠᠭᠤᠯᠤᠨ ᠬᠥᠭᠵᠢᠬᠦ ᠯᠤᠲᠤ ᠶᠡᠭᠡ ᠣᠷᠣᠨ ᠵᠠᠢ ᠶᠢ ᠢᠯᠡᠷᠡᠭᠦᠯᠪᠡ᠃ ᠠᠳᠠᠯᠢ ᠪᠤᠰᠤ ᠬᠦᠷᠢᠶᠡᠨ ᠳᠠᠬᠢ ᠰᠢᠨ᠎ᠡ ᠬᠦᠳᠡᠯᠭᠡᠬᠦ ᠡᠨᠧᠷᠭᠢ ᠲᠠᠰᠤᠷᠠᠯᠲᠠ ᠦᠭᠡᠢ | ᠬᠤᠷᠠᠮᠳᠤᠨ ᠪᠤᠵᠠᠭᠠᠶᠢᠷᠠᠵᠤ᠂ ᠳᠤᠮᠳᠠᠳᠤ ᠤᠯᠤᠰ ᠤᠨ ᠠᠵᠤ ᠠᠬᠤᠢ ᠳᠤ ᠥᠨᠢ ᠤᠳᠠᠭᠠᠨ ᠬᠥᠭᠵᠢᠨ ᠴᠡᠴᠡᠭᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ | ᠠᠪᠴᠢᠷᠠᠬᠤ ᠨᠢ ᠯᠠᠪᠲᠠᠢ ᠶᠤᠮ᠃ | ᠬᠤᠶᠠᠳᠤᠭᠠᠷ ᠬᠠᠷᠠᠭᠠᠰᠤ᠄ ᠪᠦᠭᠦ ᠤᠯᠤᠰ ᠤᠨ ᠬᠤᠶᠠᠷ ᠬᠤᠷᠠᠯ ᠠᠴᠠ ᠳᠤᠮᠳᠠᠳᠤ ᠤᠯᠤᠰ ᠤᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠤᠩᠰᠢᠬᠤᠢ᠃ | ᠡᠨᠡ ᠵᠢᠯ ᠳᠤᠮᠳᠠᠳᠤ ᠤᠯᠤᠰ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 5% ᠣᠷᠴᠢᠮ ᠢᠶᠠᠷ ᠲᠣᠭᠲᠠᠭᠠᠭᠰᠠᠨ ᠨᠢ ᠳᠤᠮᠳᠠᠳᠤ ᠤᠯᠤᠰ ᠤᠨ ᠠᠵᠤ ᠠᠬᠤᠢ ᠶᠢᠨ | ᠰᠠᠭᠤᠷᠢ ᠨᠥᠬᠦᠴᠡᠯ ᠢ ᠭᠦᠨᠵᠡᠭᠡᠢ ᠡᠵᠡᠮᠳᠡᠭᠰᠡᠨ ᠠᠴᠠ ᠪᠣᠯᠤᠭᠰᠠᠨ ᠪᠥᠭᠡᠳ ᠪᠠᠰᠠ ᠲᠤᠰ ᠪᠡᠶ᠎ᠡ ᠶᠢᠨ ᠵᠠᠰᠠᠯᠲᠠ ᠶᠢᠨ ᠴᠢᠳᠠᠪᠤᠷᠢ ᠪᠠ ᠢᠷᠡᠭᠡᠳᠦᠢ ᠶᠢᠨ | ᠬᠥᠭᠵᠢᠯᠲᠡ ᠶᠢᠨ ᠲᠠᠯᠳᠠ ᠬᠦᠴᠦᠨ ᠤ ᠲᠤᠬᠠᠢ ᠪᠠᠲᠤ ᠴᠢᠩᠭ᠎ᠠ ᠢᠲᠡᠭᠡᠯ ᠠᠴᠠ ᠪᠣᠯᠤᠭᠰᠠᠨ ᠶᠤᠮ᠃ ᠪᠢᠳᠡ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ | ᠴᠢᠩᠭᠠᠷᠠᠭᠤᠯᠬᠤ ᠶᠢ ᠵᠠᠬ᠎ᠠ ᠳᠡᠯᠭᠡᠭᠦᠷ ᠤᠨ ᠬᠦᠴᠦᠨ ᠢ ᠬᠥᠭᠵᠢᠭᠡᠬᠦ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠡᠨᠡ ᠬᠦ ᠵᠢᠱᠢᠭᠰᠡᠨ ᠬᠠᠷᠠᠯᠲᠠ ᠪᠠᠨ ᠴᠢᠷᠮᠠᠶᠢᠨ | ᠪᠡᠶᠡᠯᠡᠭᠦᠯᠦᠨ᠎ᠡ᠃ ᠨᠢᠭᠡ ᠲᠠᠯ᠎ᠠ ᠪᠠᠷ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠦᠷᠭᠡᠦ ᠦᠶᠡᠯᠡᠯ ᠤᠨ | ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠬᠤᠯᠠᠲᠠᠢ ᠦᠶ᠎ᠡ ᠳᠤ ᠰᠢᠨ᠎ᠡ ᠨᠡᠮᠡᠭᠳᠡᠯ ᠤᠨ ᠲᠦᠷᠦ ᠶᠢᠨ | ᠪᠣᠳᠣᠯᠭ᠎ᠠ ᠶᠢ ᠲᠣᠭᠲᠠᠭᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ᠂ ᠲᠣᠭᠲᠠᠭᠤᠨ ᠡᠷᠭᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠥᠭᠦᠭᠡ | ᠲᠠᠯ᠎ᠠ ᠪᠠᠷ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠢᠭᠡᠲᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢᠨ ᠲᠦᠭᠵᠢᠷᠡᠯ ᠬᠤᠷᠢᠭ᠎ᠠ ᠴᠡᠭ ᠢ ᠬᠦᠴᠦᠯᠡᠨ ᠨᠠᠪᠲᠠᠷᠡᠭᠦᠯᠵᠦ᠂ ᠡᠯ᠎ᠡ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠶ ᠪᠤᠯᠭᠠᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠦᠵᠡᠭᠦᠯᠭᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠥᠭᠵᠢᠯᠲᠡ ᠶᠢᠨ | ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ | ᠭᠤᠷᠪᠠᠳᠤᠭᠠᠷ ᠬᠠᠷᠠᠭᠠᠰᠤ᠄ ᠳᠡᠯᠡᠬᠡᠢ ᠶᠢᠨ ᠬᠤᠪᠢᠷᠠᠯᠲᠠ ᠠᠴᠠ ᠳᠡᠯᠡᠬᠡᠢ ᠶᠢᠨ ᠬᠥᠭᠵᠢᠯᠲᠡ ᠳᠠᠪᠰᠢᠯᠲᠠ ᠶᠢᠨ ᠬᠥᠮᠥᠨ ᠤ ᠶᠢᠷᠲᠢᠨᠴᠦ ᠶᠢᠨ ᠵᠥᠪ ᠵᠠᠮ ᠢ | ᠪᠣᠳᠣᠯᠬᠢᠯᠠᠬᠤᠢ᠃ ᠣᠳᠣᠬᠠᠨ ᠤ ᠳᠡᠯᠡᠬᠡᠢ ᠶᠢᠨ ᠠᠵᠤ ᠠᠬᠤᠢ ᠶᠢᠨ ᠬᠡᠰᠡᠭᠵᠢᠯᠲᠡ ᠰᠢᠷᠦᠭᠦᠰᠴᠦ᠂ ᠲᠣᠭᠲᠠᠪᠤᠷᠢᠲᠤ ᠪᠤᠰᠤ ᠲᠣᠬᠲᠠᠭᠠᠯᠲᠤ ᠪᠤᠰᠤ ᠴᠢᠨᠠᠷ ᠳᠡᠭᠡᠭᠰᠢᠯᠡᠵᠦ | ᠪᠠᠶᠢᠬᠤ ᠨᠢ ᠨᠡᠩ ᠴᠤ ᠤᠯᠤᠰ ᠠᠴᠠ ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠠᠶᠤᠯ ᠲᠦᠭᠰᠢᠭᠦᠷᠢ | ᠥᠷᠢᠰᠦᠯᠳᠦᠭᠡᠨ ᠢ ᠭᠠᠷ ᠬᠤᠯᠪᠣᠨ ᠡᠰᠡᠷᠭᠦᠴᠡᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠢᠮᠠᠭᠲᠠ | ᠲᠤᠰ ᠪᠡᠶ᠎ᠡ ᠶᠢᠨ ᠬᠥᠭᠵᠢᠯᠲᠡ ᠪᠠᠨ ᠪᠦᠭᠦ ᠪᠥᠮᠪᠥᠷᠴᠡᠭ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ | ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠤᠨ | ᠲᠣᠭᠲᠠᠪᠤᠷᠢᠲᠤ ᠴᠢᠨᠠᠷ᠂ ᠲᠣᠬᠲᠠᠭᠠᠯᠲᠤ ᠴᠢᠨᠠᠷ ᠤᠨ ᠬᠦᠴᠦᠨ ᠪᠤᠯᠬᠤ ᠪᠠᠷ ᠴᠢᠷᠮᠠᠶᠢᠨ᠎ᠠ᠃ ᠪᠢᠳᠡ ᠨᠡᠭᠡᠭᠡᠯᠲᠡ ᠬᠢᠵᠦ ᠬᠠᠮᠲᠤᠷᠠᠯᠴᠠᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠳᠣᠣᠷᠠᠬᠢ ᠡᠷᠬᠡ ᠲᠡᠭᠰᠢ ᠥᠷᠢᠰᠦᠯᠳᠦᠭᠡᠨ ᠢ ᠰᠠᠨᠠᠭᠠᠴᠢᠯᠠᠵᠤ᠂ ᠴᠢᠯᠦᠭᠡᠲᠦ ᠠᠷᠠᠯᠵᠢᠶ᠎ᠠ ᠪᠣᠯᠣᠨ | ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠵᠤ᠂ ᠡᠯ᠎ᠡ | ᠤᠯᠤᠰ ᠤᠨ ᠠᠵᠤ ᠠᠬᠤᠶᠢᠯᠠᠯ ᠢ ᠦᠷᠭᠦᠯᠵᠢᠯᠡᠨ ᠪᠠᠶᠠᠷᠯᠠᠨ ᠤᠭᠲᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠥᠷᠭᠡᠳᠬᠡᠵᠦ᠂ | ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠬᠠᠪᠰᠤᠷᠤᠨ | ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠭᠤᠯᠤᠨ᠎ᠠ᠃ ᠠᠵᠤ ᠠᠬᠤᠶᠢᠯᠠᠯᠲᠠᠳ ᠳᠡᠯᠡᠬᠡᠶᠢᠵᠢᠯᠲᠡ ᠶᠢᠨ ᠡᠷᠡᠰ ᠪᠠᠲᠤ ᠬᠠᠮᠠᠭᠠᠯᠠᠭᠴᠢ᠂ | ᠠᠬᠢᠭᠤᠯᠤᠭᠴᠢ ᠪᠣᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠭᠠᠭᠴᠠ ᠲᠠᠯᠠᠲᠤ ᠦᠵᠡᠯ ᠪᠣᠯᠣᠨ | ᠬᠠᠮᠠᠭᠠᠯᠠᠬᠤ ᠦᠵᠡᠯ ᠢ ᠡᠰᠡᠷᠭᠦᠴᠡᠵᠦ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠵᠦ ᠢᠯᠡᠳᠬᠡᠪᠡ᠃ | ᠡᠦ ᠵᠧᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠣᠰ ᠤᠳᠠᠭ᠎ᠠ ᠶᠢᠨ ᠣᠨ ᠤ ᠬᠤᠷᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠣᠯᠯᠠᠨ ᠡᠷᠭᠢᠯᠡᠪᠡ᠃ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ | ᠺᠠᠨᠳᠠ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠨ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ᠂ ᠲᠤᠰᠬᠠᠢ ᠮᠡᠷᠭᠡᠵᠢᠯᠲᠡᠨ | ᠡᠷᠳᠡᠮᠳᠡᠨ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 720 ᠰᠢᠬᠠᠮ ᠬᠦᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ | ᠃ |