︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠲᠣᠮᠣ ᠳ᠋ᠡᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠠᠢ ᠳ᠋ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠤᠳᠤᠯᠭᠠᠨ ᠤ ᠬᠦᠷᠢᠶᠡᠯᠡᠩ 3 ᠳ᠋ᠤᠭᠠᠷ ᠰᠠᠷ᠎ᠠ ᠶᠢᠨ 24 ᠤ ᠡᠳᠦᠷ | ︽2025 ᠳᠤᠮᠳᠠᠳᠤ ᠤᠯᠤᠰ ᠤᠨ ᠬᠤᠲᠠ ᠶᠢᠨ ᠲᠤᠭ᠎ᠠ ᠪᠠᠷᠢᠮᠲᠠ ᠶᠢᠨ ᠡᠯᠧᠮᠧᠨ᠋ᠲ ᠤᠨ 100 ᠬᠦᠴᠦᠷᠬᠡᠭ︾ ᠢ ᠨᠡᠢᠲᠡᠯᠡᠵᠦ᠂ ᠬᠥᠬᠡᠬᠤᠲᠠ 26 ᠳ᠋ᠤᠭᠠᠷ ᠲᠤ ᠵᠢᠭᠰᠠᠭᠠᠭᠳᠠᠵᠤ᠂ | ᠪᠡᠭᠡᠵᠢᠩ᠂ ᠱᠠᠩᠬᠠᠢ᠂ ᠱᠧᠨᠵᠧᠨ ᠵᠡᠷᠭᠡ ᠬᠤᠲᠠ ᠲᠠᠢ ᠬᠠᠮᠲᠤ 30 ᠬᠦᠴᠦᠷᠬᠡᠭ ᠲᠤ ᠣᠷᠣᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ | ᠬᠢᠷᠢ ᠲᠦᠪᠰᠢᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠵᠠᠢ᠃ | ᠤᠢᠢᠷ᠎ᠠ ᠶᠢᠨ ᠵᠢᠯ ᠠᠴᠠ᠂ ᠬᠥᠬᠡᠬᠤᠲᠠ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠥᠭᠡᠷᠡᠴᠢᠯᠡᠯᠲᠡ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠦᠢᠯᠡᠰ ᠤᠨ ᠬᠥᠭᠵᠢᠯᠲᠡ ᠶᠢᠨ ᠰᠠᠭᠤᠷᠢ᠂ ᠲᠤᠭ᠎ᠠ ᠪᠠᠷᠢᠮᠲᠠ ᠶᠢᠨ ᠥᠨᠳᠥᠷ ᠪᠦᠲᠦᠮᠵᠢᠲᠡᠢ ᠭᠦᠢᠯᠭᠡᠭᠡ᠂ ᠦᠷᠳᠡᠭ ᠢ ᠭᠦᠢᠴᠡᠳ ᠪᠠᠳᠠᠷᠠᠭᠤᠯᠬᠤ ᠵᠡᠷᠭᠡ ᠲᠠᠯ᠎ᠠ ᠪᠠᠷ ᠭᠦᠢᠴᠡᠳ | ᠬᠦᠴᠦᠯᠡᠵᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠪᠣᠯᠤᠨ ᠲᠣᠭᠠᠴᠢᠯᠠᠭᠰᠠᠨ ᠵᠦᠭ ᠬᠡᠯᠪᠡᠷᠢ ᠶᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠤᠯᠠᠨ | ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ | ᠴᠢᠩᠭᠠᠷᠠᠪᠠ᠃ 2024 ᠣᠨ ᠳᠤ᠂ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠭᠴᠢ ᠠᠵᠤ ᠦᠢᠯᠡᠰ ᠤᠨ ᠨᠡᠮᠡᠭᠳᠡᠯ ᠦᠷᠳᠡᠭ 172 ᠳ᠋ᠦᠩᠰᠢᠭᠤᠷ | ᠲᠥᠭᠦᠷᠢᠭ ᠲᠤ ᠬᠦᠷᠴᠦ᠂ GDP ᠳᠠᠬᠢ ᠡᠵᠡᠯᠡᠬᠦ ᠬᠠᠷᠢᠴᠠᠯ 4.2% ᠲᠤ ᠬᠦᠷᠴᠡᠢ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠲᠤᠭ᠎ᠠ ᠪᠠᠷᠢᠮᠲᠠ ᠶᠢᠨ ᠠᠵᠤ ᠦᠢᠯᠡᠰ ᠤᠨ | ᠠᠵᠤ ᠠᠬᠤᠶᠢᠯᠠᠯ ᠤᠨ ᠭᠤᠤᠯ ᠴᠣᠭᠴᠠ ᠨᠡᠶᠢᠲᠡ 398 ᠪᠠᠶᠢᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠲᠤ ᠲᠦᠰᠢᠭᠯᠡᠨ 30 ᠭᠠᠷᠤᠶ ᠵᠦᠢᠯ ᠤᠨ | ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠬᠦᠰᠦᠨᠦᠭᠲᠦ ᠳᠤ ᠳᠠᠩᠰᠠᠯᠠᠬᠤ ᠠᠵᠢᠯ ᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠰᠢᠰᠲ᠋ᠧᠮᠵᠢ ᠶᠢᠨ | ᠰᠠᠭᠤᠷᠢ ᠯᠠᠪᠳᠠᠭᠤᠨ ᠪᠠᠲᠤᠲᠠᠶ ᠪᠤᠯᠵᠠᠢ᠃ | 2025 ᠣᠨ ᠳᠤ᠂ ᠬᠥᠬᠡᠬᠤᠲᠠ ︽ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠵᠢᠴᠢ ᠬᠢᠮᠡᠯ ᠣᠶᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ᠢ ᠲᠣᠭᠲᠠᠭᠠᠨ ᠨᠡᠶᠢᠲᠡᠯᠡᠵᠦ᠂ ᠵᠢᠯ ᠪᠦᠷᠢ 1.28 ᠳ᠋ᠦᠩᠰᠢᠭᠤᠷ ᠲᠥᠭᠦᠷᠢᠭ ᠤᠨ | ᠬᠤᠲᠠ ᠶᠢᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠶᠢ ᠲᠣᠬᠢᠷᠠᠭᠤᠯᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠵᠢᠴᠢ ᠬᠢᠮᠡᠯ ᠣᠶᠣᠨ ᠤ ᠴᠢᠨᠠᠷ ᠰᠠᠶᠢᠲᠠᠢ | ᠬᠥᠭᠵᠢᠯᠲᠡ ᠶᠢ ᠳᠡᠮᠵᠢᠨ᠎ᠡ᠃ |