ᠬᠥᠬᠡᠬᠤᠲᠠ ᠬᠢᠭᠡᠳ ᠬᠤᠸᠠ ᠸᠧᠶ ᠮᠡᠷᠭᠡᠵᠢᠯ ᠤᠨ ᠬᠢᠵᠠᠭᠠᠷᠲᠤ ᠺᠣᠮᠫᠠᠨᠢ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2025/3/27
      ︵ᠳᠠᠳᠤᠯᠭ᠎ᠠ ᠶᠢᠨ ᠰᠤᠷᠪᠤᠯᠵᠢᠯᠠᠭᠴᠢ ᠶᠠᠩ ᠴᠧᠩ ᠬᠤᠤ︶ 3 ᠳ᠋ᠤᠭᠠᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠥᠬᠦ ᠲᠠᠯ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠮᠠᠨ ᠤ ᠬᠤᠲᠠ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠭᠠᠴᠢᠯᠠᠭᠰᠠᠨ ᠰᠢᠨ᠎ᠡ ᠶᠢ ᠡᠭᠦᠳᠬᠦ ᠬᠦᠷᠢᠶᠡᠨ ᠳᠤ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃      ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠬᠤᠸᠠ ᠸᠧᠢ ᠶᠢᠨ ᠡᠭᠦᠯᠡᠨ ᠪᠤᠳᠤᠯᠲᠠ ᠬᠢᠭᠡᠳ ᠲᠣᠮᠣ ᠳ᠋ᠠᠶᠢᠲ᠋ᠠ ᠶᠢᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠣᠷᠣᠨ ᠤ ᠲᠥᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮᠵᠢᠭᠦᠨ ᠵᠢᠷᠤᠭ ᠲᠥᠯᠥᠪᠯᠡᠭᠡ᠂ ᠡᠮᠴᠢᠯᠡᠭᠡᠨ ᠤ ᠲᠣᠭᠠᠴᠢᠯᠠᠭᠰᠠᠨ ᠠᠮᠢ ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ︽AI+ ᠡᠮ ᠡᠮᠨᠡᠯᠭᠡ᠂ ᠡᠮᠴᠢᠯᠡᠭᠡᠨ ᠤ ᠳᠠᠭᠠᠳᠬᠠᠯ︾ ᠤᠨ ᠣᠯᠠᠨ ᠠᠬᠤᠢ ᠲᠠᠯᠠᠪᠠᠢ ᠶᠢᠨ ᠬᠡᠷᠡᠭᠯᠡᠭᠡᠨ ᠤ ᠬᠠᠶᠢᠨ ᠰᠦᠪᠡᠭᠴᠢᠯᠡᠯᠲᠡ᠂ ᠡᠮᠴᠢᠯᠡᠭᠡᠨ ᠤ ᠡᠭᠴᠡ ᠲᠣᠮᠣ ᠵᠠᠭᠪᠤᠷ ᠢ ᠨᠡᠭᠡᠭᠡᠨ ᠬᠥᠭᠵᠢᠭᠦᠯᠬᠦ ᠵᠢᠴᠢ ᠮᠡᠳᠡᠭᠡ ᠵᠠᠩᠭᠢᠵᠢᠯᠲᠠ ᠶᠢᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠣᠯᠠᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠡᠮᠴᠢᠯᠡᠭᠡ ᠡᠷᠡᠭᠦᠯ ᠮᠡᠨᠳᠦ ᠶᠢᠨ ᠬᠦᠷᠢᠶᠡᠨ ᠳᠠᠬᠢ ᠲᠣᠭᠠᠴᠢᠯᠠᠭᠰᠠᠨ ᠵᠦᠭ ᠬᠡᠯᠪᠡᠷᠢ ᠶᠢ ᠬᠤᠪᠢᠷᠠᠭᠤᠯᠬᠤ ᠶᠢ ᠬᠠᠮᠲᠤᠪᠠᠷ ᠠᠬᠢᠭᠤᠯᠵᠤ᠂ ᠬᠤᠲᠠ ᠶᠢᠨ ᠠᠷᠠᠳ ᠲᠤ ᠰᠢᠯᠢᠳᠡᠭ ᠦᠷ᠎ᠡ ᠪᠦᠲᠦᠮᠵᠢ ᠶᠢ ᠵᠡᠷᠭᠡᠪᠡᠷ ᠴᠢᠬᠤᠯᠠᠴᠢᠯᠠᠬᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠣᠷᠣᠨ ᠤ ᠲᠥᠪ ᠬᠤᠲᠠ ᠶᠢᠨ ᠥᠨᠳᠥᠷ ᠬᠢᠷᠢ ᠲᠦᠪᠰᠢᠨ ᠪᠦᠬᠦᠢ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃      ᠡᠭᠦᠨ ᠠᠴᠠ ᠭᠠᠳᠠᠨ᠎ᠠ᠂ ᠬᠤᠸᠠ ᠸᠧᠢ ᠪᠦᠯᠦᠭᠯᠡᠯ ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠯᠬᠦᠮ ᠤᠨ ᠪᠦᠷᠢᠯᠳᠦᠬᠦᠨ ᠢ ᠵᠤᠬᠢᠶᠠᠨ ᠪᠠᠶᠢᠭᠤᠯᠵᠤ 3 ᠳ᠋ᠤᠭᠠᠷ ᠰᠠᠷ᠎ᠠ ᠶᠢᠨ 27 ᠤ ᠡᠳᠦᠷ ᠮᠠᠨ ᠤ ᠬᠤᠲᠠ ᠶᠢᠨ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠡᠮᠴᠢᠯᠡᠭᠡ ᠶᠢᠨ AI ᠬᠡᠷᠡᠭᠯᠡᠭᠡᠨ ᠤ ᠠᠬᠤᠢ ᠪᠠᠶᠢᠳᠠᠯ ᠳᠤ ᠴᠢᠳᠠᠪᠤᠷᠢ ᠣᠯᠭᠤᠬᠤ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ᠂ AI ᠴᠢᠳᠠᠪᠤᠷᠢ ᠣᠯᠭᠤᠬᠤ ᠣᠷᠣᠨ ᠪᠦᠰᠡ ᠶᠢᠨ ᠡᠮᠴᠢᠯᠡᠭᠡ ᠶᠢᠨ ᠲᠦᠷᠦᠯ ᠵᠦᠢᠯ ᠤᠨ ᠡᠬᠢᠯᠡᠯᠲᠡ ᠶᠢᠨ ᠶᠣᠰᠣᠯᠠᠯ ᠵᠡᠷᠭᠡ ᠠᠵᠢᠯᠯᠠᠭ᠎ᠠ ᠶᠢ ᠶᠠᠪᠤᠭᠳᠠᠭᠤᠯᠤᠨ᠎ᠠ᠃      ᠣᠢᠢᠯᠠᠭᠠᠬᠰᠠᠨ ᠢᠶᠠᠷ᠂ ᠬᠤᠠ ᠸᠧᠢ ᠣᠷᠴᠢᠮᠬᠠᠨ ᠡᠮ ᠡᠮᠨᠠᠯᠭᠡ ᠡᠷᠠᠭᠦᠯ ᠬᠠᠮᠠᠭᠠᠯᠠᠯ ᠤᠨ ᠪᠦᠯᠬᠦᠮ ᠢ ᠪᠠᠶᠢᠭᠤᠯᠵᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠯᠬᠦᠮ ᠠᠴᠠ AI ᠬᠠᠪᠰᠤᠷᠤᠨ ᠤᠨᠤᠰᠢᠯᠠᠵᠤ ᠰᠢᠢᠳᠪᠦᠷᠢᠯᠡᠬᠦ ᠲᠥᠰᠦᠯ ᠤᠨ ᠰᠢᠰᠲ᠋ᠧᠮᠵᠢ ᠶᠢ ᠭᠤᠣᠯᠳᠠᠯᠭ᠎ᠠ ᠲᠠᠢ ᠪᠠᠢᠭᠤᠯᠵᠤ᠂ ᠡᠮᠴᠢᠯᠡᠭᠡᠨ ᠤ ᠲᠣᠮᠣ ᠵᠠᠭᠪᠤᠷ ᠢ ᠡᠮᠴᠢᠯᠡᠭᠡᠨ ᠤ  ᠠᠬᠤᠢ ᠪᠠᠶᠢᠳᠠᠯ ᠳᠤ ᠬᠡᠷᠡᠭᠯᠡᠬᠦ ᠶᠢ ᠠᠬᠢᠭᠤᠯᠤᠨ᠎ᠠ᠃ ᠣᠳᠣᠬᠠᠨ ᠳᠤ᠂ ᠮᠠᠨ ᠤ ᠬᠤᠲᠠ ᠶᠢᠨ ᠣᠯᠠᠨ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢᠭᠡᠨᠲᠡ DeepSeeek ᠲᠤᠮᠤ ᠵᠠᠭᠪᠤᠷ ᠢ ᠵᠠᠯᠭᠠᠨ ᠣᠷᠣᠭᠤᠯᠵᠤ᠂ ᠬᠠᠪᠰᠤᠷᠤᠨ ᠣᠨᠣᠰᠢᠯᠠᠬᠤ᠂ ᠵᠦᠶ ᠵᠣᠬᠢᠰᠲᠠᠶ ᠡᠮ ᠬᠡᠷᠡᠭᠯᠡᠬᠦ ᠶᠢ ᠬᠢᠨᠠᠨ ᠪᠠᠶᠢᠴᠠᠭᠠᠬᠤ᠂ ᠥᠪᠡᠷᠮᠢᠴᠡ ᠠᠰᠠᠭᠤᠨ ᠡᠮᠨᠡᠬᠦ ᠵᠡᠷᠭᠡ ᠣᠯᠠᠨ ᠲᠠᠯ᠎ᠠ ᠪᠠᠷ ᠪᠣᠳᠠᠲᠤ ᠬᠡᠷᠡᠭᠯᠡᠭᠡᠨ ᠤ ᠦᠢᠯᠡᠳᠦᠯᠭᠡ ᠶᠢ ᠥᠷᠨᠢᠭᠦᠯᠵᠦ᠂ ᠪᠥᠬᠦ ᠣᠷᠣᠨ ᠤ ᠬᠡᠪᠴᠢᠶᠡᠨ ᠳᠤ  ᠬᠢᠮᠡᠯ ᠤᠶᠤᠨ ᠮᠡᠷᠭᠡᠵᠢᠯ ᠤᠨ ᠦᠨᠳᠦᠰᠦᠨ ᠱᠠᠲᠤᠨ ᠤ ᠡᠮᠴᠢᠯᠡᠭᠡᠨ ᠳᠠᠬᠢ ᠭᠦᠨᠵᠡᠭᠡᠶ ᠬᠡᠷᠡᠭᠯᠡᠯᠲᠡ ᠶᠢ ᠤᠷᠢᠳᠠᠪᠡᠷ ᠪᠡᠶᠡᠯᠡᠭᠦᠯᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ