︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠡᠨᠡ ᠵᠢᠯ ᠤᠨ ᠡᠬᠢ ᠪᠠᠷ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠳᠦᠷᠢᠮᠵᠢᠭᠦᠨ ᠠᠬᠢᠭᠤᠯᠤᠯ ᠢᠶᠠᠷ᠂ ᠬᠤᠲᠠ ᠶᠢᠨ | ᠠᠷᠠᠳ ᠤᠨ ᠬᠡᠷᠡᠭᠯᠡᠭᠡᠨ ᠤ ᠢᠲᠡᠭᠡᠯ ᠵᠣᠷᠢᠭ ᠪᠦᠲᠦᠮᠵᠢᠲᠡᠢ ᠨᠡᠮᠡᠭᠳᠡᠵᠦ᠂ ᠣᠷᠣᠨ ᠤ ᠲᠥᠪ ᠬᠤᠲᠠ ᠶᠢᠨ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ | ᠦᠷᠭᠦᠯᠵᠢᠯᠡᠨ ᠰᠠᠶᠢᠵᠢᠷᠠᠪᠠ᠃ 1— 2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ 206.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ | ᠨᠢᠭᠡ ᠳᠤ᠂ ᠪᠣᠷᠣᠯᠠᠭᠤᠯᠤᠯᠲᠠ ᠶᠢᠨ ᠨᠡᠮᠡᠭᠳᠡᠯ ᠰᠠᠶᠢᠵᠢᠷᠠᠵᠤ᠂ 22 ᠲᠥᠷᠥᠯ ᠤᠨ ᠭᠤᠤᠯ ᠪᠣᠯᠬᠤ ᠲᠠᠸᠠᠷ ᠤᠨ ᠲᠥᠷᠥᠯ ᠵᠦᠢᠯ ᠤᠨ ᠥᠷᠲᠡᠭ ᠳᠣᠲᠣᠷ᠎ᠠ᠂ | ᠵᠢᠵᠢᠭᠯᠡᠨ ᠬᠤᠳᠠᠯᠳᠤᠬᠤ ᠬᠡᠮᠵᠢᠶ᠎ᠡ ᠨᠢ ᠡᠶᠡᠷᠭᠦ ᠨᠡᠮᠡᠭᠳᠡᠯ ᠲᠠᠢ ᠲᠠᠸᠠᠷ ᠤᠨ ᠲᠥᠷᠥᠯ 14 ᠳᠤ ᠬᠦᠷᠴᠦ᠂ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ | ᠬᠡᠪᠴᠢᠶ᠎ᠡ ᠨᠢ 63.6% ᠳᠤ ᠬᠦᠷᠴᠡᠶ᠃ ᠬᠤᠶᠠᠷ ᠲᠤ᠂ ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ | ᠰᠠᠶᠢᠵᠢᠷᠠᠪᠠ᠃ ᠪᠦᠬᠦ ᠬᠤᠲᠠ ᠶᠢᠨ ᠬᠢᠵᠠᠭᠠᠷᠯᠠᠬᠤ ᠬᠤᠪᠴᠠᠰᠤ ᠱᠠᠬᠠᠢ ᠮᠠᠯᠠᠭᠠᠢ᠂ ᠠᠷᠢᠬᠢ ᠲᠠᠮᠠᠬᠢ᠂ ᠤᠮᠳᠠᠭᠠᠨ ᠤ ᠲᠥᠷᠥᠯ ᠤᠨ ᠵᠢᠵᠢᠭᠯᠡᠨ ᠬᠤᠳᠠᠯᠳᠤᠬᠤ | ᠬᠡᠮᠵᠢᠶ᠎ᠡ ᠲᠤᠰ ᠲᠤᠰ 16.2%᠂ 48.5%᠂ 8.9% ᠪᠠᠷ ᠨᠡᠮᠡᠭᠳᠡᠪᠡ᠃ ᠭᠤᠷᠪᠠ ᠳᠤ᠂ ᠰᠦᠯᠵᠢᠶᠡᠨ ᠤ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ | ︽ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠤᠷᠤᠯᠠᠭᠤᠯᠭ᠎ᠠ︾ ︽ᠪᠢᠲᠡᠭᠦᠨ ᠤ ᠬᠤᠭᠤᠯᠠ︾ ᠵᠡᠷᠭᠡ ᠲᠤᠰᠬᠠᠶ ᠲᠠᠯᠠᠪᠤᠷ ᠤᠨ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠨᠢ ᠪᠥᠬᠦ ᠬᠤᠲᠠ ᠶᠢᠨ ᠰᠦᠯᠵᠢᠶᠡᠨ ᠤ ᠬᠡᠷᠡᠭᠯᠡᠭᠡ ᠶᠢᠨ ᠨᠡᠮᠡᠭᠳᠡᠯ ᠢ ᠠᠬᠢᠭᠤᠯᠵᠤ᠂ 1—2 ᠳ᠋ᠤᠭᠠᠷ ᠰᠠᠷ᠎ᠠ ᠳᠤ᠂ ᠪᠥᠬᠦ ᠬᠤᠲᠠ ᠶᠢᠨ | ᠬᠢᠵᠠᠭᠠᠷᠯᠠᠬᠤ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠵᠢᠵᠢᠭᠯᠡᠨ ᠬᠤᠳᠠᠯᠳᠤᠭᠰᠠᠨ ᠲᠤᠭ᠎ᠠ 17.0 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 18.0% ᠪᠠᠷ ᠨᠡᠮᠡᠭᠳᠡᠪᠡ᠃ |