ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠭᠦᠭᠡᠬᠤᠲᠠ︽ᠨᠡᠶᠢᠯᠡᠮᠡᠯ | ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠭᠦᠭᠡᠬᠤᠲᠠ ᠶᠢᠨ ᠬᠡᠷᠡᠭᠵᠢᠭᠦᠯᠬᠦ ᠰᠠᠨᠠᠯ ᠤᠳ︾ ᠢ ᠵᠢᠩᠬᠢᠨᠢ ᠪᠠᠷ | ᠳᠠᠷᠤᠮᠠᠯᠯᠠᠨ ᠲᠠᠷᠬᠠᠭᠠᠵᠤ᠂ 11 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ | ᠬᠦᠴᠦᠯᠡᠨ ᠠᠬᠢᠭᠤᠯᠵᠤ ᠪᠤᠢ᠃ | ︽ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠭᠦᠭᠡᠬᠤᠲᠠ ᠶᠢᠨ ᠬᠡᠷᠡᠭᠵᠢᠭᠦᠯᠬᠦ ᠰᠠᠨᠠᠯ ᠤᠳ︾ | ᠲᠤ 2027 ᠣᠨ ᠪᠤᠯᠲᠠᠯ᠎ᠠ ᠨᠡᠶᠢᠯᠡᠮᠡᠯ ᠠᠮᠢᠳᠤ ᠪᠣᠳᠠᠰ ᠤᠨ ᠠᠵᠤ ᠠᠬᠤᠶᠢᠯᠠᠯ ᠢ 100 ᠠᠴᠠ ᠳᠡᠭᠡᠭᠰᠢ ᠣᠷᠣᠭᠤᠯᠤᠨ ᠠᠪᠴᠢᠷᠠᠵᠤ︵ᠨᠡᠪᠴᠢᠭᠦᠯᠵᠦ︶᠂ ᠨᠢᠭᠡ | ᠪᠦᠯᠦᠭ ᠨᠡᠶᠢᠯᠡᠮᠡᠯ ᠠᠮᠢᠳᠤ ᠪᠣᠳᠠᠰ ᠤᠨ ᠲᠡᠷᠢᠭᠦᠨ ᠤ ᠦᠷ᠎ᠡ ᠪᠦᠲᠦᠭᠡᠯ ᠢ ᠣᠨᠳᠣᠣᠰᠢᠭᠤᠯᠤᠨ ᠨᠠᠶᠢᠳᠠᠪᠤᠷᠢᠵᠢᠭᠤᠯᠵᠤ᠂︽ᠵᠡᠭᠦᠨ ᠬᠡᠰᠡᠭ ᠲᠤ ᠰᠤᠳᠤᠯᠤᠨ ᠨᠡᠭᠡᠭᠡᠵᠦ᠂ | ᠭᠦᠭᠡᠬᠤᠲᠠ ᠳᠤ ᠦᠢᠯᠡᠳᠪᠦᠷᠢᠯᠡᠬᠦ︾ᠪᠦᠭᠦ ᠤᠯᠤᠰ ᠤᠨ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠵᠦ ᠬᠥᠭᠵᠢᠬᠦ ᠵᠠᠭᠪᠤᠷ ᠢ ᠪᠦᠷᠢᠯᠳᠦᠭᠦᠯᠵᠦ᠂ ᠨᠡᠶᠢᠯᠡᠮᠡᠯ | ᠠᠮᠢᠳᠤ ᠪᠣᠳᠠᠰ ᠬᠢᠭᠡᠳ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠂ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ | ᠡᠳ᠋ᠰᠢᠭᠦᠯᠬᠦ ᠠᠵᠤ ᠦᠢᠯᠡᠰ ᠤᠨ ᠡᠪᠦᠴᠡᠯᠳᠦᠨ ᠬᠥᠭᠵᠢᠬᠦ ᠶᠢ ᠠᠬᠢᠭᠤᠯᠵᠤ᠂ ᠠᠮᠢᠳᠤ ᠪᠣᠳᠠᠰ ᠤᠨ ᠣᠶᠤᠨᠴᠢ ᠦᠢᠯᠡᠳᠬᠡᠯ ᠤᠨ ᠬᠥᠨᠳᠡᠢ᠂ ᠨᠡᠶᠢᠯᠡᠮᠡᠯ ᠠᠮᠢᠳᠤ | ᠪᠣᠳᠠᠰ ᠤᠨ ᠵᠣᠬᠢᠶᠠᠮᠠᠯ ᠤᠶᠤᠨ ᠴᠢᠳᠠᠪᠤᠷᠢ ᠶᠢᠨ ᠪᠣᠳᠣᠯᠲᠠ ᠶᠢᠨ ᠬᠦᠴᠦᠨ ᠤ ᠲᠥᠪ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ | ᠪᠠᠶᠢᠭᠤᠯᠵᠤ᠂ ᠠᠵᠤ ᠦᠢᠯᠡᠰ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ 2030 ᠣᠨ ᠪᠤᠯᠬᠤ ᠳᠤ | ᠭᠦᠭᠡᠬᠤᠲᠠ ᠶᠢ ᠪᠦᠭᠦ ᠤᠯᠤᠰ ᠤᠨ ᠲᠡᠷᠢᠭᠦᠨ ᠤ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠦᠴᠦᠷᠬᠡᠭ ᠬᠤᠲᠠ ᠪᠣᠯᠭᠠᠨ ᠴᠣᠭᠴᠠᠯᠠᠬᠤ ᠪᠣᠯᠣᠨ᠎ᠠ᠃ |