ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠦᠵᠡᠰᠭᠦᠯᠡᠩ ᠤᠨ ᠴᠤᠭᠯᠠᠭᠠᠨ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 26 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ︵ᠬᠠᠪᠤᠷ ᠤᠨ ᠤᠯᠠᠷᠢᠯ︶ ᠤᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠦᠵᠡᠰᠭᠦᠯᠡᠩ ᠤᠨ ᠴᠤᠭᠯᠠᠭᠠᠨ ᠭᠦᠭᠡᠬᠤᠲᠠ ᠳᠠᠬᠢ ᠥᠪᠥᠷ ᠮᠣᠩᠭᠤᠯ ᠤᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠡᠬᠢᠯᠡᠪᠡ᠃      ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠲᠠᠷᠢᠶᠠᠯᠠᠩ ᠤᠨ ᠮᠠᠰᠢᠨ ᠲᠥᠬᠦᠭᠡᠷᠦᠮᠵᠢ᠂ ᠮᠠᠯ ᠠᠵᠤ ᠠᠬᠤᠢ ᠶᠢᠨ ᠮᠠᠰᠢᠨ ᠲᠥᠬᠦᠭᠡᠷᠦᠮᠵᠢ᠂ ᠤᠢ ᠰᠢᠭᠤᠢ ᠵᠢᠮᠢᠰ ᠤᠨ ᠠᠵᠤ ᠦᠢᠯᠡᠰ ᠤᠨ ᠮᠠᠰᠢᠨ ᠲᠥᠬᠦᠭᠡᠷᠦᠮᠵᠢ᠂ ᠲᠠᠷᠢᠶᠠᠯᠠᠩ ᠤᠨ ᠬᠡᠷᠡᠭᠯᠡᠭᠡᠨ ᠤ ᠢᠨᠵᠧᠨᠧᠷᠢᠩ ᠤᠨ ᠮᠠᠰᠢᠨ ᠲᠥᠬᠦᠭᠡᠷᠦᠮᠵᠢ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠮᠠᠰᠢᠨ ᠲᠥᠬᠦᠭᠡᠷᠦᠮᠵᠢ᠂ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠰᠡᠯᠪᠢᠭ ᠲᠤᠨᠤᠭ ᠵᠡᠷᠭᠡ 6 ᠦᠵᠡᠭᠦᠯᠭᠡ ᠶᠢᠨ ᠲᠣᠭᠤᠷᠢᠭ ᠲᠣᠬᠢᠷᠠᠭᠤᠯᠵᠠᠢ᠃ ᠦᠵᠡᠭᠦᠯᠭᠡ ᠶᠢᠨ ᠲᠠᠯᠠᠪᠠᠢ ᠨᠢ 3 ᠲᠦᠮᠡᠨ ᠲᠡᠭᠰᠢ ᠳᠥᠷᠪᠡᠯᠵᠢᠨ ᠮᠸᠲᠷ ᠲᠤ ᠬᠦᠷᠴᠦ᠂ 17 ᠮᠤᠵᠢ ᠣᠷᠣᠨ ᠬᠤᠲᠠ ᠶᠢᠨ 500 ᠭᠠᠷᠤᠢ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠠᠵᠤ ᠠᠬᠤᠶᠢᠯᠠᠯ ᠤᠷᠤᠯᠴᠠᠵᠤ᠂ ᠠᠲᠠᠷ ᠬᠠᠭᠠᠯᠪᠤᠷᠢᠯᠠᠬᠤ  ᠠᠴᠠ ᠦᠷ᠎ᠡ ᠬᠠᠶᠠᠬᠤ᠂ ᠪᠣᠷᠳᠣᠭᠤᠷ ᠤᠷᠤᠭᠤᠯᠬᠤ᠂ ᠡᠪᠡᠰᠦ ᠠᠷᠢᠯᠭᠠᠬᠤ᠂ ᠡᠮ ᠰᠦᠷᠴᠢᠬᠦ᠂ ᠬᠠᠷᠠᠵᠤ ᠬᠠᠮᠠᠭᠠᠯᠠᠬᠤ᠂ ᠬᠠᠳᠤᠵᠤ ᠬᠤᠷᠢᠶᠠᠬᠤ᠂ ᠬᠠᠳᠠᠭᠠᠯᠠᠵᠤ ᠬᠥᠮᠥᠷᠭᠡᠯᠡᠬᠦ ᠭᠦᠷᠲᠡᠯ᠎ᠠ᠂ ᠪᠠᠰᠠ ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ᠂ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ᠂ ᠲᠡᠵᠢᠭᠡᠯ ᠪᠣᠷᠳᠤᠭ᠎ᠠ ᠬᠡᠷᠴᠢᠵᠦ ᠬᠡᠮᠬᠡᠯᠦᠨ ᠬᠤᠳᠬᠤᠵᠤ ᠵᠢᠭᠤᠷᠠᠬᠤ ᠪᠠᠭᠠᠵᠢ ᠬᠡᠷᠡᠭᠰᠡᠯ ᠵᠡᠷᠭᠡ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠬᠠᠮᠤᠷᠤᠭᠰᠠᠨ 10 ᠶᠡᠭᠡ ᠲᠦᠷᠦᠯ ᠤᠨ 3000 ᠮᠠᠰᠢᠨ ᠲᠥᠬᠦᠭᠡᠷᠦᠮᠵᠢ ᠶᠢ ᠳᠡᠯᠭᠡᠨ ᠦᠵᠡᠭᠦᠯᠵᠦ ᠪᠠᠶᠢᠨ᠎ᠠ᠃     ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠪᠦᠭᠦ ᠲᠠᠯ᠎ᠠ ᠪᠠᠷ ᠡᠬᠢᠯᠡᠮᠡᠷ ᠪᠣᠯᠤᠭᠰᠠᠨ ᠲᠠᠰᠢᠷᠠᠮ ᠳᠤ ᠶᠠᠪᠤᠭᠳᠠᠭᠤᠯᠵᠤ ᠪᠠᠶᠢᠭ᠎ᠠ ᠲᠤᠰ ᠤᠳᠠᠭ᠎ᠠ ᠶᠢᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠦᠵᠡᠰᠭᠦᠯᠡᠩ ᠤᠨ ᠴᠤᠭᠯᠠᠭᠠᠨ ᠨᠢ ᠡᠵᠡᠩᠨᠡᠯᠲᠡ ᠶᠢᠨ ᠠᠵᠤ ᠠᠬᠤᠶᠢᠯᠠᠯ ᠳᠤ ᠳᠡᠯᠭᠡᠨ ᠪᠣᠷᠣᠯᠠᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠤᠯᠠᠨ ᠵᠦᠢᠯ ᠤᠨ ᠮᠠᠰᠢᠨ ᠲᠥᠬᠦᠭᠡᠷᠦᠮᠵᠢ ᠶᠢ ᠬᠠᠷᠢᠴᠠᠭᠤᠯᠤᠨ ᠥᠪᠡᠷ ᠤᠨ ᠬᠡᠷᠡᠭᠴᠡᠭᠡ ᠱᠠᠭᠠᠷᠳᠠᠯᠭ᠎ᠠ ᠳᠠᠭᠠᠨ ᠨᠡᠶᠢᠴᠡᠭᠰᠡᠨ ᠮᠠᠰᠢᠨ ᠲᠥᠬᠦᠭᠡᠷᠦᠮᠵᠢ ᠶᠢ ᠰᠣᠩᠭᠤᠬᠤ ᠳᠤ ᠠᠵᠠ ᠵᠠᠪᠰᠢᠶᠠᠨ ᠣᠯᠭᠤᠵᠤ᠂ ᠪᠦᠭᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤᠯᠠᠭ᠎ᠠ ᠬᠠᠩᠭᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠡᠯᠪᠡᠭ ᠬᠤᠷᠢᠶᠠᠯᠲᠠ ᠣᠯᠬᠤ ᠳᠤ ᠰᠠᠭᠤᠷᠢ ᠲᠠᠯᠪᠢᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ