ᠲᠦᠷᠦᠭᠦᠬᠡᠨ᠂ ᠭᠦᠭᠡᠬᠤᠳᠠ ᠶᠢᠨ ᠦᠨᠳᠦᠰᠦᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ | ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠶᠠᠪᠤᠭᠳᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ︵ᠥᠷᠲᠡᠭᠡ︶ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠨᠡᠶᠢᠲᠡ 120 ᠬᠥᠮᠥᠨ | ᠪᠣᠯᠪᠠᠰᠤᠷᠠᠯ ᠳᠤ ᠣᠷᠣᠯᠴᠠᠵᠠᠢ᠃ | ᠣᠶᠢᠯᠠᠭᠠᠭᠰᠠᠨ ᠢᠶᠠᠷ᠂ ᠲᠣᠰ ᠪᠣᠯᠪᠠᠰᠤᠷᠠᠯ ᠨᠢ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠣᠯᠪᠠᠰᠤᠷᠠᠯ ᠤᠨ ᠠᠭᠤᠯᠭ᠎ᠠ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ | ᠥᠷᠲᠡᠭᠡ ᠶᠢᠨ ᠠᠵᠢᠯ ᠤᠨ ᠪᠣᠳᠠᠲᠤ ᠪᠠᠶᠢᠳᠠᠯ ᠪᠠ ᠠᠵᠢᠯ ᠤᠨ ᠪᠠᠶᠢᠷᠢ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ᠂ ᠣᠯᠣᠯᠲᠠ ᠲᠥᠷᠥᠭᠳᠡᠯ ᠢᠶᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠣᠯᠠᠨ ᠵᠦᠢᠯ ᠤᠨ ᠭᠡᠯᠪᠡᠷᠢ ᠪᠠᠷ ᠶᠠᠪᠤᠭᠳᠠᠪᠠ᠃ | | ᠭᠦᠭᠡᠬᠤᠳᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠨᠢ ᠲᠣᠰ ᠤᠳᠠᠭᠠᠨ ᠤ ᠪᠣᠯᠪᠠᠰᠤᠷᠠᠯ ᠢᠶᠠᠷ ᠲᠣᠭᠢᠶᠠᠯ | ᠪᠤᠯᠭᠠᠵᠤ᠂ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠠᠵᠢᠯᠲᠠᠨ ᠢ ᠢᠳᠡᠪᠬᠢᠲᠡᠢ ᠬᠥᠲᠥᠯᠥᠨ | ᠵᠢᠯᠤᠭᠤᠳᠴᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠶᠡᠷᠦᠩᠬᠡᠶᠢᠯᠡᠭᠰᠡᠨ ᠴᠢᠳᠠᠪᠤᠷᠢ ᠶᠢ ᠨᠢ ᠳᠡᠭᠡᠭᠰᠢᠯᠡᠭᠦᠯᠵᠦ᠂︽ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠵᠤ ᠲᠡᠶᠢᠯᠭᠦ᠂ ᠲᠤᠬᠠᠶᠢᠯᠠᠭᠰᠠᠨ ᠠᠵᠢᠯ ᠢ ᠭᠦᠢᠴᠡᠳᠬᠡᠵᠦ ᠲᠡᠶᠢᠯᠭᠦ᠂ ᠠᠵᠢᠯᠲᠠᠨ ᠨᠢ ᠬᠠᠷᠢᠴᠠᠩᠭᠤᠢ ᠪᠠᠷ ᠲᠣᠭᠲᠠᠪᠤᠷᠢᠲᠠᠢ ᠪᠠᠶᠢᠬᠤ︾ | ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠪᠦᠭᠦ ᠬᠤᠲᠠ ᠶᠢᠨ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ | ᠬᠠᠷᠠᠭᠠᠯᠵᠠᠬᠤ ᠡᠲᠡᠭᠡᠳ ᠲᠤ ᠨᠠᠩ ᠰᠢᠯᠢᠳᠡᠭ ᠦᠢᠯᠡᠴᠢᠯᠡᠭᠡ ᠬᠠᠩᠭᠠᠬᠤ ᠪᠣᠯᠣᠨ᠎ᠠ᠃ |