| | | | 3 ᠳ᠋ᠤᠭᠠᠷ ᠰᠠᠷ᠎ᠠ ᠶᠢᠨ 26 ᠤ ᠡᠳᠦᠷ᠂ 2025 ᠣᠨ ᠤ ᠭᠤᠴᠢᠨ ᠵᠢᠷᠭᠤᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ | ᠦᠵᠡᠰᠬᠦᠯᠡᠩ ᠤᠨ ᠲᠥᠪ ᠲᠤ ᠡᠬᠢᠯᠡᠪᠡ᠃ ᠲᠣᠰ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠨᠢ | ︽ᠣᠶᠤᠨᠴᠢ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠲᠤᠯᠤᠭᠠᠨ ᠶᠡᠭᠡ ᠭᠤᠤᠯ ᠰᠡᠳᠦᠪᠲᠦ ᠦᠵᠡᠭᠦᠯᠭᠡ ᠶᠢᠨ ᠲᠣᠭᠤᠷᠢᠭ ᠢ | ᠨᠠᠷᠢᠨ ᠨᠢᠮᠪᠠᠶ ᠲᠥᠯᠥᠪᠵᠢᠭᠦᠯᠵᠦ᠂ ᠪᠥᠬᠦ ᠤᠯᠤᠰ ᠤᠨ 900 ᠭᠠᠷᠤᠶ ᠲᠣᠯᠣᠭᠠᠶᠢᠯᠠᠭᠴᠢ ᠠᠵᠤ ᠠᠬᠤᠶᠢᠯᠠᠯ ᠵᠢᠴᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠲᠠᠲᠠᠨ ᠤᠷᠤᠯᠴᠠᠭᠤᠯᠵᠤ᠂ 1500 ᠭᠠᠷᠤᠶ ᠦᠵᠡᠭᠦᠯᠭᠡ ᠶᠢᠨ | ᠪᠠᠶᠢᠷᠢ ᠲᠣᠬᠢᠷᠠᠭᠤᠯᠪᠠ᠃ 2025 ᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ︵ᠬᠠᠪᠤᠷ ᠤᠨ | ᠤᠯᠠᠷᠢᠯ︶ ᠤᠨ ᠲᠠᠷᠢᠶᠠᠯᠠᠩ ᠤᠨ ᠮᠠᠰᠢᠨ ᠲᠦᠬᠦᠭᠡᠷᠦᠮᠵᠢ ᠶᠢᠨ ᠦᠵᠡᠰᠬᠦᠯᠡᠩ ᠤᠨ ᠴᠤᠭᠯᠠᠭᠠᠨ᠂ ᠠᠷᠪᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠣᠶ ᠶᠢᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠠᠳᠠᠯᠢ | ᠬᠤᠭᠤᠴᠠᠭᠠᠨ ᠳᠤ ᠶᠠᠪᠤᠭᠳᠠᠪᠠ᠃ ᠵᠢᠷᠤᠭ ᠪᠤᠯ ᠲᠠᠷᠢᠶᠠᠴᠢᠨ ᠡᠷᠦᠭᠡ ᠦᠵᠡᠰᠭᠦᠯᠡᠩ ᠲᠡᠬᠡᠷ᠎ᠡ ᠲᠤᠮᠤ ᠬᠡᠯᠪᠡᠷᠢ ᠶᠢᠨ | ᠲᠠᠷᠢᠶᠠᠯᠠᠩ ᠤᠨ ᠮᠠᠰᠢᠨ ᠤ ᠲᠦᠭᠦᠬᠡᠷᠦᠮᠵᠢ ᠶᠢ ᠤᠶᠢᠯᠠᠭᠠᠵᠤ ᠪᠠᠶᠢᠭ᠎ᠠ ᠨᠢ᠃ | ᠰᠤᠷᠪᠤᠯᠵᠢᠯᠠᠭᠴᠢ ᠸᠠᠩ ᠱᠣᠣ ᠺᠠᠶ ᠶᠠᠩ ᠶᠦᠩ ᠭᠠᠩ ᠰᠡᠭᠦᠳᠡᠷᠯᠡᠪᠡ | | |