︵ᠰᠤᠷᠪᠤᠯᠵᠢᠯᠠᠭᠴᠢ ᠰᠦᠩ ᠰᠢᠶᠠᠩ ᠬᠤᠸᠠ︶ 1 — 2 ᠳ᠋ᠤᠭᠠᠷ ᠰᠠᠷ᠎ᠠ ᠳᠤ᠂ ᠬᠥᠬᠡᠬᠤᠲᠠ ᠶᠢᠨ ᠰᠢᠤᠳᠠᠨ ᠤ ᠠᠵᠢᠯ ᠲᠥᠷᠥᠯ ᠤᠨ ᠢᠯᠡᠭᠡᠨ | ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠢᠲᠡ 3778.30 ᠲᠦᠮᠡᠨ ᠬᠤᠪᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 10.84% ᠪᠠᠷ | ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 2670.17 ᠲᠦᠮᠡᠨ ᠬᠤᠪᠢ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.63 % ᠪᠠᠷ ᠨᠡᠮᠡᠭᠳᠡᠪᠡ᠃ | 1 — 2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ | ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠶᠢ ᠪᠠᠭᠲᠠᠭᠠᠬᠤ ᠥᠬᠡᠶ︶ ᠨᠡᠶᠢᠲᠡ 4.57 ᠳ᠋ᠦᠩᠰᠢᠭᠤᠷ ᠲᠥᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.63% ᠪᠠᠷ ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ | 3.48 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.30% ᠪᠠᠷ ᠨᠡᠮᠡᠭᠳᠡᠪᠡ᠃ 1 —2 ᠳ᠋ᠤᠭᠠᠷ ᠰᠠᠷ᠎ᠠ ᠳᠤ᠂ ᠬᠤᠲᠠ ᠶᠢᠨ | ᠳᠤᠲᠤᠷᠠᠬᠢ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 302.80 ᠲᠦᠮᠡᠨ ᠬᠤᠪᠢ ᠬᠦᠷᠴᠦ᠂ ᠣᠨᠳᠣᠤ ᠭᠠᠵᠠᠷ ᠤᠨ | ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 2366.86 ᠲᠦᠮᠡᠨ ᠬᠤᠪᠢ ᠬᠦᠷᠴᠦ᠂ ᠣᠯᠠᠨ ᠤᠯᠤᠰ / ᠰᠢᠶᠠᠩᠭᠠᠩ ᠣᠣᠮᠧᠨ | ᠲᠠᠶᠢᠸᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 0.52 ᠲᠦᠮᠡᠨ ᠬᠤᠪᠢ ᠬᠦᠷᠪᠡ᠃ ᠬᠤᠲᠠ ᠶᠢᠨ ᠳᠤᠲᠤᠷ᠎ᠠ᠂ | ᠣᠨᠳᠣᠤ ᠭᠠᠵᠠᠷ᠂ ᠣᠯᠠᠨ ᠤᠯᠤᠰ / ᠰᠢᠶᠠᠩᠭᠠᠩ ᠣᠣᠮᠧᠨ ᠲᠠᠶᠢᠸᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠲᠣᠰ ᠲᠣᠰ ᠪᠥᠬᠦ | ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢᠨ 11.34%᠂ 88.64% ᠪᠠ 0.02% ᠢ ᠡᠵᠡᠯᠡᠪᠡ᠃ |