ᠣᠶᠢᠷ᠎ᠠ ᠶᠢᠨ ᠡᠳᠦᠷ᠂ ᠢᠳᠡᠭᠡᠨ ᠪᠠ ᠡᠮ ᠤᠨ ᠵᠦᠢᠯᠡᠰ ᠤᠨ ᠬᠦᠷᠢᠶᠡᠨ ᠳᠠᠬᠢ ᠬᠤᠳᠠᠯ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠤᠯᠠᠮ ᠨᠢᠭᠡ ᠠᠯᠬᠤᠮ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠭᠦᠭᠡᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠪᠤᠷᠢ | ᠠᠩᠭᠢ᠂ ᠭᠦᠭᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠵᠡᠷᠭᠡ ᠪᠠᠶᠢᠭᠤᠯᠭ᠎ᠠ ᠨᠢᠭᠡᠴᠢ ᠲᠠᠢ ᠬᠠᠮᠲᠤᠷᠠᠨ᠂ | ᠭᠦᠭᠡᠬᠤᠲᠠ ᠶᠢᠨ ᠰᠠᠶᠢᠬᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠭᠦᠭᠡᠬᠤᠲᠠ ᠶᠢᠨ ︽3·15︾ ᠤ | ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ ᠤ ᠮᠡᠳᠡᠯᠭᠡ ᠶᠢ ᠲᠦᠭᠡᠮᠡᠯᠵᠢᠭᠦᠯᠬᠦ ᠢᠯᠡ ᠬᠢᠴᠢᠶᠡᠯ ᠵᠢᠴᠢ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ | ᠰᠢᠢᠳᠪᠦᠷᠢᠯᠡᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠭᠦᠭᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ ᠦᠷᠭᠦᠯᠵᠢ | ᠲᠣᠬᠢᠶᠠᠯᠳᠤᠳᠠᠭ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ᠂ ᠬᠤᠳᠠᠯ ᠬᠠᠭᠤᠷᠮᠠᠭ ᠲᠠᠸᠠᠷ ᠢ ᠢᠯᠭᠠᠬᠤ ᠠᠷᠭ᠎ᠠ ᠭᠡᠯᠪᠡᠷᠢ ᠳᠤ ᠲᠤᠬᠠᠢ ᠶᠢᠨ | ᠲᠠᠯᠠᠪᠤᠷ ᠤᠨ ᠦᠵᠡᠭᠦᠯᠭᠡ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠣᠯᠠᠨ ᠨᠡᠶᠢᠲᠡ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ | ᠦᠢᠯᠡᠳᠬᠦᠨ ᠤ ᠦᠨᠡᠨ ᠬᠤᠳᠠᠯ ᠢ ᠢᠯᠭᠠᠬᠤ ᠠᠷᠭ᠎ᠠ ᠶᠢ ᠵᠢᠭᠠᠵᠤ ᠦᠭᠴᠡᠢ; ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠡᠳᠦᠷ ᠲᠤᠲᠤᠮ ᠤᠨ ᠭᠠᠯ | ᠤᠨᠲᠠᠷᠠᠭᠠᠬᠤ ᠬᠢᠨᠠᠨ ᠪᠠᠶᠢᠴᠠᠭᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠬᠦᠨ ᠤ ᠲᠤᠰᠬᠠᠢ ᠵᠦᠢᠯ ᠤᠨ ᠴᠡᠭᠴᠡᠯᠡᠨ ᠵᠠᠰᠠᠯᠲᠠ ᠵᠢᠴᠢ ᠬᠠᠮᠲᠤᠷᠠᠨ | ᠬᠡᠷᠡᠭ ᠰᠢᠢᠳᠪᠦᠷᠢᠯᠡᠬᠦ ᠶᠠᠪᠤᠴᠠ ᠳᠤ ᠬᠤᠷᠢᠶᠠᠨ ᠠᠪᠤᠭᠰᠠᠨ ᠨᠢᠭᠡ ᠪᠦᠯᠦᠭ ᠭᠠᠯ ᠤᠨᠲᠠᠷᠠᠭᠠᠬᠤ ᠤᠰᠤᠨ ᠫᠤᠤ᠂ ᠭᠠᠯ ᠤᠨᠲᠠᠷᠠᠭᠠᠭᠤᠷ ᠵᠡᠷᠭᠡ ᠬᠠᠭᠤᠷᠮᠠᠭ ᠮᠠᠭᠤ | ᠲᠠᠸᠠᠷ ᠢ ᠲᠥᠪᠯᠡᠷᠡᠭᠦᠯᠦᠨ ᠰᠢᠢᠳᠪᠦᠷᠢᠯᠡᠪᠡ᠃ | ᠲᠣᠰ ᠤᠳᠠᠭ᠎ᠠ ᠶᠢᠨ ᠲᠥᠪᠯᠡᠷᠡᠭᠦᠯᠦᠨ ᠰᠢᠢᠳᠪᠦᠷᠢᠯᠡᠬᠦ ᠠᠵᠢᠯᠯᠠᠭ᠎ᠠ ᠨᠢ ᠡᠮᠦᠨᠡᠬᠢ ᠬᠤᠭᠤᠴᠠᠭᠠᠨ ᠤ ᠬᠤᠳᠠᠯ ᠬᠠᠭᠤᠷᠮᠠᠭ ᠲᠠᠸᠠᠷ ᠦᠢᠯᠡᠳᠪᠦᠷᠢᠯᠡᠨ | ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠭᠦᠭᠰᠡᠨ ᠦᠷ᠎ᠡ ᠪᠦᠲᠦᠭᠡᠯ ᠤᠨ ᠲᠤᠬᠠᠢ ᠲᠥᠪᠯᠡᠷᠡᠩᠭᠦᠢ ᠦᠵᠡᠭᠦᠯᠭᠡ ᠪᠤᠯᠬᠤ ᠪᠠᠷ ᠪᠠᠷᠠᠬᠤ ᠦᠭᠡᠢ ᠨᠠᠩ ᠴᠤ | ᠬᠤᠳᠠᠯ ᠬᠠᠭᠤᠷᠮᠠᠭ ᠲᠠᠸᠠᠷ ᠦᠢᠯᠡᠳᠪᠦᠷᠢᠯᠡᠨ ᠪᠣᠷᠣᠯᠠᠭᠤᠯᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠠᠴᠢ ᠬᠤᠯᠪᠣᠭᠳᠠᠯ ᠲᠠᠢ ᠪᠠᠶᠢᠵᠤ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠠ ᠢᠯᠭᠠᠨ ᠲᠠᠨᠢᠬᠤ | ᠴᠢᠳᠠᠪᠤᠷᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ | ᠦᠢᠯᠡᠳᠦᠯ ᠦᠵᠡᠭᠦᠯᠪᠡ᠃ | | | |