ᠣᠶᠢᠷ᠎ᠠ ᠳᠤ ᠳᠣᠣᠷ᠎ᠠ ᠠᠭᠠᠷ ᠤᠨ ᠠᠵᠤ ᠠᠬᠤᠢ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠲᠣᠭᠲᠠᠬᠤ ᠰᠢᠶᠠᠨ ᠳᠤ ᠡᠬᠢᠯᠡᠪᠡ᠃ ᠬᠠᠶᠢᠷᠴᠠᠭ ᠬᠠᠶᠢᠷᠴᠠᠭ | ᠬᠠᠲᠤᠨ ᠭᠤᠣᠯ ᠤᠨ ᠮᠥᠷᠭᠦ ᠵᠢᠭᠠᠰᠤ 80 ᠺᠢᠯᠣᠮᠧᠲᠷ ᠤᠨ ︽ᠲᠡᠭᠷᠢ ᠶᠢᠨ ᠵᠠᠮ︾ ᠢ ᠰᠤᠨᠳᠠᠯᠠᠨ ᠭᠦᠭᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠲᠤ ᠰᠢᠭᠤᠳ ᠭᠦᠷᠦᠭᠰᠡᠨ ᠨᠢ ᠭᠦᠭᠡᠬᠤᠲᠠ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠲᠠᠯ᠎ᠠ ᠪᠠᠷ ᠤᠯᠠᠮ ᠨᠢᠭᠡ ᠠᠯᠬᠤᠮ | ᠠᠬᠢᠭᠰᠠᠨ ᠢ ᠬᠠᠷᠠᠭᠤᠯᠵᠤ ᠪᠠᠶᠢᠯ᠎ᠠ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠷᠰᠢᠨ ᠨᠢᠰᠬᠡᠭᠰᠡᠨ ᠠᠩᠬᠠᠳᠠᠭᠴᠢ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠬᠡᠷᠡᠭᠯᠡᠭᠡᠨ ᠤ ᠠᠶᠠᠯᠠᠯ | ᠨᠢ ᠲᠣᠭᠲᠠᠬᠤ ᠰᠢᠶᠠᠨ ᠠᠴᠠ ᠭᠦᠭᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠠᠲᠤᠨ ᠭᠤᠣᠯ ᠤᠨ ᠮᠥᠷᠭᠦ | ᠵᠢᠭᠠᠰᠤ ᠶᠢ ᠬᠦᠷᠭᠡᠬᠦ ᠡᠭᠦᠷᠭᠡ ᠲᠠᠢ ᠠᠶᠠᠯᠠᠯ ᠶᠤᠮ᠂ ᠠᠶᠠᠯᠠᠯ ᠢ ᠭᠦᠢᠴᠡᠳᠬᠡᠭᠰᠡᠨ ᠨᠢ ᠰᠢ ᠠᠨ ᠤ ᠰᠢᠩ ᠵᠠᠨ ᠬᠡᠮᠵᠢᠨ ᠡᠵᠡᠮᠳᠡᠬᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠰᠤᠳᠤᠯᠤᠨ ᠨᠡᠭᠡᠭᠡᠭᠰᠡᠨ ᠾᠧ ᠵᠥᠩ ᠬᠤᠯᠠ ᠵᠠᠢ ᠳᠤ ᠲᠣᠬᠢᠷᠠᠭᠤᠯᠤᠨ ᠬᠦᠷᠭᠡᠬᠦ | FS35E ᠨᠡᠶᠢᠯᠡᠮᠡᠯ ᠳᠠᠯᠠᠪᠴᠢᠲᠤ ᠪᠠᠷᠠᠭᠠᠨ ᠤ ᠭᠦᠢᠯᠭᠡᠭᠡ ᠶᠢᠨ ᠵᠢᠯᠣᠭᠤᠴᠢ ᠦᠭᠡᠢ ᠨᠢᠰᠬᠡᠯ ᠪᠠᠶᠢᠵᠤ᠂ ᠬᠤᠷᠳᠤᠴᠠ ᠨᠢ 108 km/h᠂ ᠭᠡᠲᠦ ᠬᠠᠷᠠᠭᠠᠨ | ᠵᠠᠢ ᠶᠢᠨ ᠵᠠᠭᠪᠤᠷ ᠢᠶᠠᠷ ᠳᠡᠮᠵᠢᠨ᠂ ᠨᠢᠰᠦᠯᠲᠡ ᠶᠢᠨ ᠵᠠᠢ ᠨᠢ 80 ᠺᠢᠯᠣᠮᠧᠲᠷ ᠤᠨ ᠵᠠᠮ ᠢ ᠪᠠᠷᠤᠭ 40 ᠮᠢᠨᠦ᠋ᠲ ᠵᠠᠷᠤᠴᠠᠭᠤᠯᠤᠨ᠂ ᠨᠢᠰᠦᠯᠲᠡ ᠶᠢᠨ ᠥᠨᠳᠥᠷᠴᠡ | ᠨᠢ 300 ᠮᠧᠲᠷ ᠢ ᠪᠠᠲᠤᠯᠠᠵᠤ ᠪᠠᠶᠢᠪᠠ᠃ | | | | | ᠲᠣᠰ ᠤᠳᠠᠭᠠᠨ ᠤ ᠠᠵᠢᠯᠯᠠᠭ᠎ᠠ ᠶᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠭᠦᠭᠡᠬᠤᠲᠠ ᠶᠢᠨ ᠰᠠᠨᠰᠠᠷ ᠤᠨ ᠠᠶᠠᠯᠠᠯ ᠤᠨ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᡁᠢ ᠬᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠤᠮᠫᠠᠨᠢ ᠵᠢᠴᠢ ᠰᠢ ᠠᠨ ᠤ ᠰᠢᠩ ᠵᠠᠨ ᠬᠡᠮᠵᠢᠨ ᠡᠵᠡᠮᠳᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠤᠮᠫᠠᠨᠢ ᠬᠠᠮᠲᠤᠷᠠᠨ ᠡᠷᠭᠢᠯᠡᠪᠡ᠃ | ᠳᠣᠣᠷ᠎ᠠ ᠠᠭᠠᠷ ᠤᠨ ᠠᠵᠤ ᠠᠬᠤᠢ ᠶᠢ ᠬᠥᠭᠵᠢᠭᠦᠯᠬᠦ ᠳᠤ ᠭᠦᠭᠡᠬᠤᠲᠠ ᠨᠢ ᠲᠥᠷᠥ ᠶᠢᠨ ᠪᠣᠳᠣᠯᠭ᠎ᠠ᠂ ᠣᠷᠣᠨ ᠪᠠᠶᠢᠷᠢ᠂ ᠠᠭᠠᠷ ᠤᠨ ᠬᠠᠷᠢᠶ᠎ᠠ ᠣᠷᠣᠨ᠂ | ᠠᠵᠤ ᠦᠢᠯᠡᠰ ᠤᠨ ᠰᠠᠭᠤᠷᠢ ᠪᠣᠯᠣᠨ ᠣᠷᠴᠢᠨ ᠲᠣᠭᠤᠷᠢᠨ ᠵᠡᠷᠭᠡ ᠣᠯᠠᠨ ᠲᠠᠯ᠎ᠠ ᠶᠢᠨ ᠳᠠᠪᠠᠭᠤᠯᠢᠭ ᠢ ᠪᠦᠷᠢᠯᠳᠦᠭᠦᠯᠦᠭᠰᠡᠨ ᠪᠠᠶᠢᠨ᠎ᠠ᠃ ᠣᠶᠢᠷ᠎ᠠ ᠶᠢᠨ ᠵᠢᠯ ᠠᠴᠠ᠂ | ᠭᠦᠭᠡᠬᠤᠲᠠ ᠠᠵᠠ ᠲᠣᠭᠢᠶᠠᠯ ᠢ ᠠᠮᠵᠢᠵᠤ᠂ ᠤᠷᠤᠯᠳᠤᠭᠠᠨ ᠤ ᠵᠠᠮ ᠢ ᠵᠠᠪᠳᠤᠨ ᠡᠵᠡᠯᠡᠵᠦ᠂ ᠭᠦᠭᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠣᠣᠷ᠎ᠠ ᠠᠭᠠᠷ ᠤᠨ | ᠦᠢᠯᠡᠳᠬᠦ ᠦᠢᠯᠡᠰ᠂ ᠳᠣᠣᠷ᠎ᠠ ᠠᠭᠠᠷ ᠤᠨ ᠬᠡᠷᠡᠭᠯᠡᠭᠡ᠂ ᠪᠧᠢ ᠳ᠋ᠧᠦ ᠰᠢᠰᠲ᠋ᠧᠮ ᠤᠨ ᠬᠡᠷᠡᠭᠯᠡᠭᠡᠨ ᠤ ᠦᠵᠦᠭᠦᠷ ᠤᠨ ᠦᠢᠯᠡᠳᠬᠦ ᠦᠢᠯᠡᠰ᠂ ᠪᠧᠢ ᠳ᠋ᠧᠦ | ᠰᠢᠰᠲ᠋ᠧᠮ ᠤᠨ ᠥᠨᠳᠥᠷ ᠢᠯᠭᠠᠮᠵᠢᠲᠦ ᠬᠡᠷᠡᠭᠯᠡᠭᠡ ᠵᠡᠷᠭᠡ ᠠᠵᠤ ᠦᠢᠯᠡᠰ ᠢ ᠬᠥᠭᠵᠢᠭᠦᠯᠵᠦ᠂ ᠳᠣᠣᠷ᠎ᠠ ᠠᠭᠠᠷ ᠤᠨ ᠠᠵᠤ ᠠᠬᠤᠢ ᠶᠢᠨ ᠭᠦᠭᠡᠬᠤᠲᠠ ᠳᠤ | ᠰᠠᠭᠤᠷᠢᠰᠢᠨ ᠬᠥᠭᠵᠢᠬᠦ ᠶᠢ ᠪᠦᠭᠦ ᠬᠦᠴᠦᠨ ᠢᠶᠠᠷ ᠠᠬᠢᠭᠤᠯᠪᠠ᠃ ᠠᠩᠬᠠᠳᠠᠭᠴᠢ ᠵᠤᠷᠪᠤᠰ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠠᠶᠠᠯᠠᠯ ᠤᠨ | ᠱᠤᠭᠤᠮ ᠢ ᠲᠤᠷᠰᠢᠨ ᠨᠢᠰᠬᠡᠭᠡᠳ ᠠᠮᠵᠢᠯᠲᠠ ᠣᠯᠣᠭᠰᠠᠨ ᠨᠢ ᠭᠦᠭᠡᠬᠤᠲᠠ ᠶᠢᠨ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠶᠢᠨ ᠠᠶᠠᠯᠠᠯ ᠤᠨ ᠱᠤᠭᠤᠮ ᠢ | ᠨᠡᠭᠡᠭᠡᠬᠦ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠠᠴᠢ ᠬᠤᠯᠪᠣᠭᠳᠠᠯ ᠲᠠᠢ ᠶᠤᠮ᠃ | | | | | ᠢᠷᠡᠯᠲᠡ᠄ ᠴᠢᠩ ᠴᠧᠩ ᠬᠠᠮ ᠵᠠᠭᠤᠴᠢᠯᠠᠭᠤᠷ | |