| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 25 ᠤ ᠴᠠᠬᠢᠯᠭᠠᠨ ᠮᠡᠳᠡᠭᠡ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠢᠢᠷ᠎ᠠ ᠶᠢᠨ ᠡᠳᠦᠷ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ ᠠᠴᠠ 2025 ᠣᠨ ᠳᠤ ᠪᠦᠬᠦ ᠤᠯᠤᠰ ᠤᠨ ᠬᠤᠶᠠᠷ ᠬᠤᠷᠠᠯ ᠤᠨ | ᠳᠠᠷᠠᠭ᠎ᠠ ᠠᠴᠠ 7 ᠰᠠᠷ᠎ᠠ ᠪᠣᠯᠲᠠᠯ᠎ᠠ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ | ᠨᠠᠢᠮᠠᠨ ᠲᠣᠭᠲᠠᠭᠠᠯ ᠢ ᠲᠣᠭᠲᠠᠭᠠᠨ ᠨᠡᠶᠢᠳᠡᠯᠡᠬᠦ ᠪᠠᠷ ᠡᠬᠢᠯᠡᠯᠲᠡ ᠪᠣᠯᠭᠠᠵᠤ ᠰᠡᠳᠦᠪ ᠢ ᠰᠢᠢᠳᠪᠦᠷᠢᠯᠡᠨ᠂ ᠳᠡᠭᠡᠷ᠎ᠡ ᠠᠴᠠ ᠳᠣᠷᠣᠭᠰᠢ ᠪᠠᠨ᠂ ᠲᠡᠭᠡᠲᠤ ᠱᠠᠲᠤ ᠨᠢ | ᠲᠤᠤᠷᠠᠲᠤ ᠱᠠᠲᠤ ᠪᠠᠨ ᠲᠠᠶᠢᠴᠢᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭ᠎ᠠ ᠪᠠᠷ ᠵᠣᠭᠰᠣᠭᠠᠵᠤ ᠳᠡᠶᠢᠯᠦᠭᠰᠡᠨ ᠦᠭᠡᠢ ᠵᠠᠷᠢᠮ ᠭᠠᠵᠢᠭᠤ ᠰᠤᠷᠲᠠᠯ ᠢ ᠵᠣᠭᠰᠣᠭᠠᠵᠤ᠂ | ᠤᠯᠠᠨ ᠵᠢᠯ ᠠᠷᠢᠯᠭᠠᠵᠤ ᠲᠡᠶᠢᠯᠦᠭᠰᠡᠨ ᠦᠭᠡᠢ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ | ᠶᠠᠭᠤ ᠶᠢ ᠠᠳᠬᠤᠬᠤ᠂ ᠬᠡᠷᠬᠢᠨ ᠠᠳᠬᠤᠬᠤ ᠵᠡᠷᠭᠡ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠪᠡ᠃ | ᠨᠠᠢᠮᠠᠨ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠠᠴᠠ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠮᠢᠳᠤᠯᠢᠭᠵᠢᠭᠤᠯᠵᠤ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠴᠤ ᠰᠢᠨ᠎ᠡ ᠲᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠦᠨᠡᠨ ᠰᠡᠳᠭᠢᠯ ᠤᠨ ᠢᠲᠡᠭᠡᠯ ᠬᠦᠷᠢᠶᠡᠯᠡᠯ ᠢ ᠤᠯᠪᠠ᠃ | ᠨᠠᠢᠮᠠᠨ ᠲᠣᠭᠲᠠᠭᠠᠯ᠂ ᠬᠡᠪ ᠰᠤᠷᠲᠠᠯ ᠢ ᠴᠡᠪᠡᠷᠯᠡᠵᠦ᠂ ᠴᠤᠭ ᠵᠤᠷᠢᠭ ᠢ ᠬᠦᠪᠴᠢᠯᠡᠵᠦ᠂ ᠳᠤᠮᠳᠠᠳᠤ ᠤᠯᠤᠰ ᠢ ᠬᠤᠪᠢᠷᠠᠭᠤᠯᠵᠡᠢ᠃ | ᠢᠮᠠᠭᠲᠠ ᠲᠤᠭᠤᠰᠢᠯᠠᠭᠤᠯᠪᠠ — ︽ᠲᠥᠪ ᠤᠨ ᠨᠠᠢᠮᠠᠨ ᠲᠣᠭᠲᠠᠭᠠᠯ ᠨᠢ ᠲᠠᠪᠤᠨ ᠵᠢᠯ᠂ ᠠᠷᠪᠠᠨ ᠵᠢᠯ ᠤᠨ ᠲᠣᠭᠲᠠᠭᠠᠯ ᠪᠢᠰᠢ᠂ ᠬᠠᠷᠢᠨ ᠤᠷᠳᠤ | ᠬᠤᠭᠤᠴᠠᠭᠠᠨ ᠤ ᠪᠦᠲᠦᠮᠵᠢᠲᠡᠢ ᠲᠡᠮᠦᠷ ᠶᠤᠰᠤ᠂ ᠬᠠᠳᠠᠭᠤ ᠪᠠᠷᠢᠮᠵᠢᠶ᠎ᠠ ᠪᠤᠯᠤᠨ᠎ᠠ︾ | 2024 ᠣᠨ ᠤ ᠰᠡᠭᠦᠯᠴᠢ ᠪᠠᠷ᠂ ᠪᠡᠭᠡᠵᠢᠩ ᠤᠨ ᠵᠦᠩ ᠨᠠᠨ ᠬᠠᠢ ᠳᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠨᠠᠮ ᠤᠨ ᠳᠣᠲᠣᠭᠠᠳᠤ ᠶᠢᠨ ᠬᠠᠮᠤᠭ ᠤᠨ | ᠳᠡᠭᠡᠳᠦ ᠳᠠᠪᠬᠤᠷᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠶᠠᠪᠤᠭᠳᠠᠪᠠ᠃ | ᠬᠤᠷᠠᠯ ᠤᠨ ᠨᠢᠭᠡᠨ ᠴᠢᠬᠤᠯᠠ ᠵᠥᠪᠯᠡᠬᠦ ᠵᠦᠢᠯ ᠪᠣᠯ ᠳᠠᠷᠤᠶ 2024 ᠣᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ | ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠬᠤ ᠶᠠᠪᠤᠳᠠᠯ ᠪᠣᠯᠤᠨ᠎ᠠ᠃ | ︽ᠤᠳᠤᠷᠢᠳᠬᠤ ᠺᠠᠳ᠋ᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠨᠠᠰᠤᠨ | ᠲᠤᠷᠰᠢᠳᠠ ᠶᠢᠨ ᠰᠡᠳᠦᠪ ᠪᠣᠯᠭᠠᠬᠤ ᠬᠡᠷᠡᠭᠲᠡᠢ︾᠂ ︽ᠡᠯ᠎ᠡ ᠵᠦᠢᠯ ᠤᠨ ᠲᠥᠪ ᠪᠤᠰᠤ ᠰᠤᠷᠲᠠᠯ ᠪᠠ ᠢᠯᠵᠢᠷᠠᠯ ᠤᠨ ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ︾ ᠁ | ᠲᠦᠷᠦᠭᠦᠬᠡᠨ ᠳᠠᠭᠤᠰᠤᠭᠰᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠬᠤᠷᠠᠯ | ᠳᠡᠭᠡᠷ᠎ᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠲᠦᠷᠦᠭᠦᠯᠡᠨ | ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠵᠢᠯ ᠪᠦᠷᠢ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠲᠥᠪ ᠤᠨ | ᠨᠠᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ | ᠦᠷᠨᠢᠭᠦᠯᠵᠦ᠂ ᠤᠳᠤ ᠨᠢᠭᠡᠨᠲᠡ ᠵᠤᠷᠰᠢᠯ ᠪᠣᠯᠤᠭᠰᠠᠨ ᠪᠠᠶᠢᠨ᠎ᠠ᠃ | 2012 ᠣᠨ ᠤ 12 ᠰᠠᠷ᠎ᠠ ᠶᠢᠨ 4 ᠤ ᠡᠳᠦᠷ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠠᠴᠠ ᠠᠵᠢᠯ ᠤᠨ ᠰᠤᠷᠲᠠᠯ ᠢᠶᠠᠨ | ᠰᠠᠶᠢᠵᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠨᠠᠢᠮᠠᠨ ᠲᠣᠭᠲᠠᠭᠠᠯ ᠢ ᠬᠢᠨᠠᠨ ᠵᠦᠪᠯᠡᠵᠦ ᠪᠠᠲᠤᠯᠠᠪᠠ᠃ ᠣᠬᠤᠷᠬᠠᠨ 600 ᠭᠠᠷᠤᠢ | ᠦᠰᠦᠭ ᠲᠠᠢ ᠲᠤᠬᠳᠠᠭᠠᠯ ᠨᠢ ᠪᠠᠶᠢᠴᠠᠭᠠᠨ ᠰᠤᠳᠤᠯᠤᠯᠲᠠ᠂ ᠬᠤᠷᠠᠯ ᠠᠵᠢᠯᠯᠠᠭ᠎ᠠ ᠵᠡᠷᠭᠡ 8 ᠲᠠᠯ᠎ᠠ ᠠᠴᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠶᠣᠰᠣ | ᠳᠦᠷᠢᠮ ᠲᠣᠭᠲᠠᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠨᠠᠮ ᠤᠨ ᠰᠤᠷᠲᠠᠯ ᠢ ᠳᠠᠬᠢᠨ ᠱᠤᠭᠤᠬᠤ ︽ᠨᠢᠭᠡᠳᠦᠭᠡᠷ | ᠠᠵᠢᠯᠯᠠᠭ᠎ᠠ︾ ᠶᠢ ᠡᠬᠢᠯᠡᠭᠦᠯᠵᠡᠢ᠃ | ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠢᠮᠠᠨ ᠲᠣᠭᠲᠠᠭᠠᠯ ᠢ ᠲᠣᠭᠲᠠᠭᠠᠵᠤ ᠨᠡᠶᠢᠲᠡᠯᠡᠭᠰᠡᠨ ᠠᠩᠬᠠᠨ ᠤ ᠬᠦᠰᠡᠯ ᠤᠨ ᠲᠤᠬᠠᠢ ᠢᠩᠭᠢᠵᠦ ᠶᠡᠷᠢᠵᠦ | ᠦᠩᠭᠡᠷᠡᠵᠡᠢ᠄ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠲᠠᠷᠠᠭ᠎ᠠ᠂ ᠨᠠᠮ ᠤᠨ ᠲᠥᠪ ᠬᠤᠷᠢᠶ᠎ᠠ ᠠᠴᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ | ᠶᠠᠪᠤᠳᠠᠯ ᠢ ᠬᠡᠷᠬᠢᠨ ᠠᠳᠬᠤᠬᠤ ᠲᠤᠬᠠᠢ ᠶᠠᠷᠢᠯᠴᠠᠬᠤ ᠳᠠᠭᠠᠨ ᠳᠠᠷᠤᠢ ︿ᠲᠦᠢᠯ ᠤᠨ ᠲᠦᠪᠡᠭ ᠪᠤᠳᠤᠯᠢᠶᠠᠨᠲᠠᠢ ᠠᠰᠠᠭᠤᠳᠠᠯ ᠢ ᠬᠡᠷᠬᠢᠨ ᠰᠶᠢᠳᠪᠦᠷᠢᠯᠡᠬᠦ ᠪᠠᠨ ᠤᠯᠬᠤ | ᠦᠭᠡᠢ﹀ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠤᠳᠤᠵᠤ ᠣᠯᠤᠭᠰᠠᠨ ᠶᠤᠮ᠃ ᠰᠡᠭᠦᠯᠡᠷ ᠨᠢ ᠨᠠᠢᠮᠠᠨ ᠲᠣᠭᠲᠠᠭᠠᠯ ᠢ ᠠᠳᠬᠤᠬᠤ ᠪᠠᠷ ᠲᠣᠭᠲᠠᠵᠤ᠂ ᠡᠬᠢᠯᠡᠵᠦ | ᠬᠦᠳᠡᠯᠦᠮᠡᠭᠴᠡ ᠲᠠᠷᠤᠢ ᠲᠡᠷᠡ ᠬᠦ ᠲᠦᠪᠡᠭ ᠪᠤᠳᠤᠯᠢᠶᠠᠨᠲᠠᠢ ᠠᠰᠠᠭᠤᠳᠠᠯ ᠢ ᠦᠨᠡᠨ ᠬᠦ ᠰᠶᠢᠳᠪᠦᠷᠢᠯᠡᠵᠦ᠂ ᠠᠷᠢᠯᠭᠠᠨ ᠵᠠᠰᠠᠬᠤ ᠪᠠᠷ ᠪᠤᠯᠵᠠᠢ︾᠃ | ᠵᠠᠷᠢᠮ ᠬᠥᠮᠦᠨ ᠪᠠᠰᠠ ᠨᠠᠢᠮᠠᠨ ᠲᠣᠭᠲᠠᠭᠠᠯ ᠪᠣᠯ ︽ᠭᠱᠠᠨ ᠵᠠᠭᠤᠷ᠎ᠠ ᠶᠢᠨ ᠰᠠᠯᠬᠢ︾ ᠲᠡᠳᠦᠶ ᠭᠡᠵᠦ ᠦᠵᠡᠵᠦ ᠪᠠᠶᠢᠭᠰᠠᠨ ᠦᠶ᠎ᠡ ᠳᠤ᠂ 2013 ᠣᠨ ᠤ 3 | ᠰᠠᠷ᠎ᠠ ᠶᠢᠨ 19 ᠤ ᠦᠳᠡ ᠶᠢᠨ ᠬᠤᠶᠢᠨ᠎ᠠ ᠨᠡᠶᠢᠲᠡᠯᠡᠭᠰᠡᠨ ᠨᠢᠭᠡᠨ ᠰᠣᠨᠢᠨ ᠮᠡᠳᠡᠭᠡ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠠᠢ — ︽ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ 6 ᠨᠡᠶᠢᠲᠡᠯᠢᠭ ᠠᠰᠠᠭᠤᠳᠠᠯ ᠢ ᠵᠠᠷᠯᠡᠨ | ᠨᠡᠶᠢᠲᠡᠯᠡᠪᠡ︾᠃ ᠡᠨᠡ ᠪᠣᠯ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ | ᠨᠡᠶᠢᠲᠡᠯᠢᠭ ᠠᠰᠠᠭᠤᠳᠠᠯ ᠢ ᠤᠯᠤᠰ ᠳᠠᠶᠠᠭᠠᠷ ᠲᠤ ᠠᠩᠬ᠎ᠠ ᠤᠳᠠᠭ᠎ᠠ ᠢᠯᠡ ᠪᠠᠷ ᠵᠠᠷᠯᠠᠨ ᠨᠡᠶᠢᠲᠡᠯᠡᠭᠰᠡᠨ ᠶᠠᠪᠤᠳᠠᠯ ᠮᠥᠨ᠃ | ᠡᠨᠡ ᠵᠢᠯ ᠤᠨ ᠡᠴᠦᠰ ᠲᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ | ᠵᠥᠷᠢᠴᠡᠭᠰᠡᠨ 10 ᠨᠡᠶᠢᠲᠡᠯᠢᠭ ᠠᠰᠠᠭᠤᠳᠠᠯ ᠢ ᠳᠠᠬᠢᠨᠲᠠ ᠵᠠᠷᠯᠠᠨ ᠨᠡᠶᠢᠲᠡᠯᠡᠪᠡ᠂ ᠲᠡᠭᠡᠷ᠎ᠡ ᠤᠳᠠᠭ᠎ᠠ ᠶᠢᠨ ᠵᠥᠪᠬᠡᠨ ᠨᠢᠭᠡᠴᠢ ᠪᠠ ᠲᠤᠰᠢᠶᠠᠯ ᠢ ᠨᠢ ᠵᠠᠷᠯᠠᠨ | ᠨᠡᠶᠢᠲᠡᠯᠡᠭᠰᠡᠨ ᠲᠠᠢ ᠠᠳᠠᠯᠢ ᠥᠬᠡᠶ ᠲᠠᠯ᠎ᠠ ᠨᠢ ᠲᠣᠰ ᠤᠳᠠᠭ᠎ᠠ ᠶᠢᠨ ᠵᠠᠷᠯᠠᠨ ᠨᠡᠶᠢᠲᠡᠯᠡᠯ ᠳᠤ ᠤᠪᠤᠭ ᠨᠡᠷ᠎ᠡ ᠶᠢ ᠨᠢ ᠵᠢᠭᠠᠵᠤ᠂ ᠡᠪᠡᠳᠴᠢᠨ ᠤ ᠦᠨᠳᠦᠰᠦ ᠶᠢ ᠰᠢᠭᠤᠳ | ᠲᠡᠯᠭᠡᠵᠦ᠂ ᠮᠠᠰᠢ ᠴᠢᠩᠭ᠎ᠠ ᠰᠦᠷᠳᠡᠭᠦᠯᠬᠦ ᠦᠢᠯᠡᠳᠦᠯ ᠭᠠᠷᠤᠭᠰᠠᠨ ᠪᠠᠶᠢᠨ᠎ᠠ᠃ | ᠬᠢᠬᠦ ᠨᠢ ᠬᠡᠯᠡᠬᠦ ᠠᠴᠠ ᠳᠡᠭᠡᠷ᠎ᠡ ᠭᠡᠳᠡᠭ᠃ | ᠨᠠᠢᠮᠠᠨ ᠲᠣᠭᠲᠠᠭᠠᠯ ᠢ ᠨᠡᠶᠢᠲᠡᠯᠡᠭᠰᠡᠨ ᠠᠷᠪᠠᠨ ᠬᠤᠶᠠᠷ ᠵᠢᠯ ᠭᠠᠷᠤᠢ ᠶᠢᠨ ᠲᠤᠷᠰᠢ᠂ ᠶᠧᠪᠡᠩ ᠬᠦᠷᠭᠡᠬᠦ ᠠᠰᠠᠭᠤᠳᠠᠯ ᠢ ᠠᠳᠬᠤᠬᠤ᠂ ᠪᠠᠶᠠᠷ ᠤᠨ ᠺᠠᠷᠲ | ᠬᠦᠷᠭᠡᠬᠦ ᠠᠰᠠᠭᠤᠳᠠᠯ ᠢ ᠠᠳᠬᠤᠬᠤ᠂ ᠬᠤᠸᠠᠷ ᠫᠤᠤᠵᠢᠩ ᠲᠠᠯᠪᠢᠬᠤ ᠠᠰᠠᠭᠤᠳᠠᠯ ᠢ ᠠᠳᠬᠤᠬᠤ ᠠᠴᠠ ᠠᠪᠤᠭᠠᠳ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ | ᠠᠳᠬᠤᠬᠤ᠂ ︽ᠠᠵᠢᠯᠯᠠᠬᠤ ᠨᠠᠢᠮᠠᠨ ᠴᠠᠭ ᠠᠴᠠ ᠭᠠᠳᠠᠨᠠᠬᠢ ᠦᠶ᠎ᠡ︾ ᠶᠢ ᠠᠳᠬᠤᠬᠤ᠂ ᠡᠳᠦᠷ ᠲᠤᠲᠤᠮ ᠤᠨ ᠠᠵᠢᠯ ᠢ ᠠᠳᠬᠤᠬᠤ ᠬᠦᠷᠲᠡᠯ᠎ᠡ ᠁ ᠠᠯᠢ ᠤᠯᠠᠨ | ᠪᠣᠳᠠᠲᠠᠢ ᠠᠰᠠᠭᠤᠳᠠᠯ ᠤᠨ ᠰᠢᠪᠲᠤᠯᠤᠯᠲᠠ ᠨᠢ ᠨᠡᠶᠢᠳᠡᠮ ᠤᠨ ᠠᠰᠠᠭᠤᠳᠠᠯ ᠢ ᠰᠢᠢᠳᠪᠦᠷᠢᠯᠡᠬᠦ ᠶᠢ ᠳᠠᠶᠢᠴᠢᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠰᠤᠷᠲᠠᠯ ᠤᠨ ᠠᠰᠠᠭᠤᠳᠠᠯ ᠢ ᠠᠳᠬᠤᠬᠤ ᠲᠣᠳᠣᠷᠬᠠᠢ ᠰᠡᠳᠭᠢᠮᠵᠢ ᠪᠠ ᠡᠷᠡᠰ ᠪᠠᠲᠤ ᠢᠲᠡᠭᠡᠯ ᠵᠣᠷᠢᠭ ᠢ ᠲᠤᠰᠬᠠᠪᠠ᠃ | ᠢᠮᠠᠭᠲᠠ ᠲᠤᠭᠤᠰᠢᠯᠠᠭᠤᠯᠵᠤ᠂ ᠡᠴᠦᠰ ᠲᠤᠨᠢ ᠲᠤᠯᠲᠠᠯ᠎ᠠ ᠠᠳᠬᠤᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠢᠮᠠᠨ | ᠲᠣᠭᠲᠠᠭᠠᠯ ᠢᠶᠠᠷ ᠬᠠᠭᠤᠴᠢᠨ ᠠᠷᠬᠠᠭ ᠢ ᠴᠡᠭᠴᠡᠯᠡᠨ ᠵᠠᠰᠠᠵᠤ᠂ ᠠᠷᠬᠠᠭ ᠭᠡᠮ ᠢ ᠠᠷᠢᠯᠭᠠᠵᠤ᠂ ᠰᠤᠷᠲᠠᠯ ᠤᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢᠨ ︽ | ᠠᠯᠳᠠᠨ ᠰᠢᠷᠭᠠᠯ ᠨᠡᠷ᠎ᠡ ᠶᠢᠨ ᠬᠠᠭᠤᠳᠠᠰᠤ︾ ᠭᠡᠮᠡᠨ ᠳᠦᠷᠰᠦᠯᠢᠭ ᠢᠶᠠᠷ ᠭᠡᠯᠡᠭᠳᠡᠵᠡᠢ᠃ | ᠰᠢᠩᠭᠠᠫᠣᠷ ᠤᠨ ︽ᠬᠠᠮᠲᠤᠷᠠᠭᠰᠠᠨ ᠥᠷᠯᠥᠭᠡ ᠶᠢᠨ ᠰᠣᠨᠢᠨ︾ ᠤ ᠮᠡᠳᠡᠭᠡᠯᠡᠭᠰᠡᠨ ᠢᠶᠠᠷ᠂ ᠠᠯᠪᠠᠨ ᠵᠣᠭᠤᠰ ᠢᠶᠠᠷ ᠢᠳᠡᠵᠦ ᠤᠤᠭᠤᠬᠤ ᠵᠡᠷᠭᠡ ᠳᠤᠮᠳᠠᠳᠤ | ᠤᠯᠤᠰ ᠤᠨ ᠨᠣᠶᠠᠳ ᠤᠨ ᠬᠦᠷᠢᠶᠡᠨ ᠳᠠᠬᠢ ︽ᠬᠠᠭᠤᠴᠢᠨ ᠶᠡᠭᠡ ᠬᠦᠴᠢᠷᠳᠡᠯ︾ ᠤᠨ ᠠᠰᠠᠭᠤᠳᠠᠯ ᠳᠤ ᠡᠶᠢᠮᠦ ᠢᠯᠡᠷᠬᠡᠶ ᠬᠤᠪᠢᠷᠠᠯᠲᠠ ᠭᠠᠷᠤᠭᠰᠠᠨ ᠢ ᠲᠤᠬᠠᠶ ᠶᠢᠨ | ᠦᠶ᠎ᠡ ᠳᠤ ᠤᠯᠠᠩᠬᠢ ᠬᠦᠮᠦᠰ ᠲᠦᠰᠦᠭᠡᠯᠡᠬᠦᠶᠡ ᠪᠡᠷᠬᠡ ᠪᠠᠶᠢᠵᠠᠢ᠃ | ᠡᠨᠡ ᠬᠦ ᠠᠯᠲᠠᠨ ᠰᠢᠷᠭᠠᠯ ᠨᠡᠷ᠎ᠡ ᠶᠢᠨ ᠬᠠᠭᠤᠳᠠᠰᠤ ᠶᠢ ᠬᠡᠷᠬᠢᠨ ᠤᠯᠠᠮ ᠭᠢᠯᠠᠯᠵᠠᠭᠤᠯᠬᠤ ᠪᠤᠶ︖ ᠶᠡᠷᠦᠩᠬᠡᠶ ᠱᠦᠵᠢ ᠰᠢ ᠶᠢᠨ ᠫᠢᠩ ᠭᠦᠨᠵᠡᠭᠡᠶ | ᠪᠣᠳᠣᠯᠬᠢᠯᠠᠭᠰᠠᠭᠠᠷ ᠢᠷᠡᠵᠡᠶ᠃ | ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ | ᠬᠥᠮᠦᠵᠢᠯ᠂ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠦᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠬᠦᠷᠲᠡᠯ᠎ᠡ ᠁ ᠦᠷᠭᠦᠯᠵᠢᠯᠡᠭᠦᠯᠦᠨ ᠥᠷᠨᠢᠭᠦᠯᠦᠭᠰᠡᠨ ᠨᠠᠮ ᠤᠨ ᠳᠣᠲᠣᠭᠠᠳᠤ ᠶᠢᠨ | ᠲᠥᠪᠯᠡᠷᠡᠩᠭᠦᠢ ᠬᠥᠮᠦᠵᠢᠯ ᠨᠢ ᠰᠤᠷᠲᠠᠯ ᠤᠨ ᠪᠠᠶᠢᠭᠤᠯᠤᠯᠲᠠ ᠶᠢ ᠢᠮᠠᠭᠲᠠ ᠴᠢᠬᠤᠯᠠ ᠠᠭᠤᠯᠭ᠎ᠠ ᠪᠣᠯᠭᠠᠪᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠤᠷᠲᠠᠯ ᠤᠨ ᠪᠠᠶᠢᠭᠤᠯᠤᠯᠲᠠ ᠶᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ ᠳᠤ ᠣᠷᠣᠭᠤᠯᠪᠠ︔ ᠠᠷᠪᠠ ᠶᠢᠰᠦᠳᠦᠭᠡᠷ ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ᠂ ᠬᠤᠷᠢᠳᠤᠭᠠᠷ | ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠬᠤᠷᠠᠯ ᠠᠴᠠ ᠴᠥᠮ ᠨᠠᠢᠮᠠᠨ ᠲᠣᠭᠲᠠᠭᠠᠯ ᠢ ᠬᠡᠷᠡᠭᠵᠢᠭᠦᠯᠬᠦ | ᠨᠠᠷᠢᠨ ᠲᠦᠷᠢᠮ ᠢ ᠰᠤᠳᠤᠯᠵᠤ᠂ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠷᠢᠯᠢᠬᠵᠢᠭᠤᠯᠪᠠ︔ ︽ᠲᠥᠪ ᠤᠨ ᠨᠠᠢᠮᠠᠨ ᠲᠣᠭᠲᠠᠭᠠᠯ︾ ᠢ ᠨᠠᠮ ᠤᠨ ᠭᠤᠷᠪᠠᠳᠤᠭᠠᠷ | ᠲᠡᠦᠬᠡ ᠶᠢᠨ ᠰᠢᠢᠳᠪᠦᠷᠢ ᠳᠤ ᠪᠢᠴᠢᠨ ᠣᠷᠣᠭᠤᠯᠵᠤ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠠᠮᠵᠢᠯᠲᠠ ᠪᠠ ᠲᠤᠷᠰᠢᠯᠭ᠎ᠠ | ᠪᠣᠯᠤᠭᠰᠠᠨ ᠤ ᠬᠤᠪᠢ ᠳᠤ᠂ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠵᠢᠭᠠᠨ ᠵᠢᠯᠣᠭᠤᠳᠪᠠ ᠁ | ︽ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠨᠠᠶᠢᠳᠠᠪᠤᠷᠢ ᠶᠢ ᠱᠤᠭᠤᠬᠤ | ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠠᠳᠬᠤᠵᠤ᠂ ᠤᠳᠠᠭᠠᠨ ᠲᠠᠭᠠᠭᠠᠮᠠᠭᠠᠢ ᠪᠠᠷ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠡᠢ︾᠂ ᠶᠡᠷᠦᠩᠬᠡᠢ ᠱᠦᠵᠢ | ᠰᠢ ᠶᠢᠨ ᠫᠢᠩ ᠤᠨ ᠦᠭᠡ ᠶᠠᠷᠢᠶ᠎ᠠ ᠢᠳᠡ ᠬᠦᠴᠦᠲᠡᠢ ᠪᠠᠶᠢᠵᠤ᠂ ︽ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ | ᠵᠢᠯ᠂ ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠦᠳᠦᠯᠦᠨ ᠳᠠᠭᠠᠭᠤᠯᠬᠤ | ᠪᠤᠯᠲᠠᠯ᠎ᠠ ᠴᠢᠩᠭ᠎ᠠ ᠠᠳᠬᠤᠬᠤ ᠬᠡᠷᠡᠭᠲᠡᠢ︾᠃ | ᠰᠢᠨ᠎ᠡ ᠠᠶᠠᠨ ᠳᠤ ᠮᠣᠷᠳᠠᠵᠤ᠂ ᠰᠢᠨ᠎ᠡ ᠥᠷᠢᠰᠥᠯᠳᠦᠭᠡᠨ ᠢ ᠤᠭᠲᠤᠵᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ | 2025 ᠣᠨ ᠤ 1 ᠰᠠᠷ᠎ᠠ ᠶᠢᠨ 6 ᠤ ᠡᠳᠦᠷ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ | ᠪᠥᠬᠦᠳᠡ ᠬᠤᠷᠠᠯ ᠪᠡᠭᠡᠵᠢᠩ ᠳᠤ ᠡᠬᠢᠯᠡᠪᠡ᠃ | ︽ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠨ᠎ᠠ᠃ ᠢᠯᠵᠢᠷᠠᠯ ᠤᠨ | ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ᠂ ᠨᠡᠮᠡᠭᠳᠡᠯ ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠠᠯ ᠤᠨ ᠡᠭᠦᠰᠦᠨ ᠳᠡᠯᠭᠡᠷᠡᠬᠦ | ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ︾᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠶ ᠵᠠᠳᠠᠯᠵᠤ᠂ ︽ᠰᠤᠷᠲᠠᠯ | ᠢᠯᠵᠢᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠶ ᠠᠬᠢᠭᠤᠯᠬᠤ︾ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ︽ᠣᠭᠲᠣ | ᠠᠭᠤᠴᠢᠯᠠᠬᠤ ᠥᠬᠡᠶ ᠪᠠᠶᠢᠬᠤ ᠶᠢ ᠢᠮᠠᠭᠲᠠ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠣᠯᠭᠠᠵᠤ᠂ ᠪᠠᠶᠢᠳᠠᠯ ᠢ | ᠰᠦᠷᠦᠨ ᠰᠠᠬᠢᠯᠭ᠎ᠠ ᠪᠠᠲᠤ ᠶᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ ︿ᠳᠥᠷᠪᠡᠨ ᠰᠤᠷᠲᠠᠯ﹀ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠢ︾ ᠭᠡᠵᠦ ᠵᠢᠭᠠᠵᠤ ᠭᠠᠷᠭᠠᠪᠠ᠃ | ᠲᠥᠪ ᠪᠤᠰᠤ ᠰᠤᠷᠲᠠᠯ ᠪᠣᠯᠤᠨ ᠢᠯᠵᠢᠷᠠᠯ ᠤᠨ ᠠᠰᠠᠭᠤᠳᠠᠯ ᠬᠠᠷᠢᠯᠴᠠᠨ ᠰᠣᠯᠪᠢᠴᠠᠬᠤ ᠪᠣᠯ ᠣᠳᠣᠬᠢ ᠱᠠᠲᠤᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠡᠷᠬᠡᠪᠰᠢ ᠬᠦᠴᠦᠯᠡᠨ ᠰᠢᠢᠳᠪᠦᠷᠢᠯᠡᠬᠦ ᠬᠡᠷᠡᠭᠲᠡᠢ ᠲᠤᠪᠤᠶᠢᠮ᠎ᠠ ᠠᠰᠠᠭᠤᠳᠠᠯ ᠮᠥᠨ᠃ ᠡᠨᠡ ᠬᠦ | ᠴᠢᠬᠤᠯᠠ ᠱᠠᠭᠠᠷᠳᠠᠯᠭ᠎ᠠ ᠨᠢ ᠢᠯᠵᠢᠷᠠᠯ ᠢ ᠡᠰᠡᠷᠭᠦᠴᠡᠬᠦ ᠲᠡᠮᠡᠴᠡᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠮᠠᠨ ᠤ ᠨᠠᠮ ᠤᠨ ᠲᠠᠨᠢᠯᠲᠠ ᠰᠢᠨ᠎ᠡ ᠦᠨᠳᠦᠷᠴᠡ ᠳᠤ | ᠬᠦᠷᠦᠭᠰᠡᠨ ᠢ ᠭᠦᠢᠴᠡᠳ ᠬᠠᠷᠠᠭᠤᠯᠵᠤ᠂ ᠲᠦᠢᠯ ᠤᠨ ᠴᠢᠩᠭ᠎ᠠ ᠠᠬᠤᠶᠢᠴᠢ ᠬᠠᠨᠳᠤᠯᠭᠠᠲᠤ ᠴᠢᠨᠠᠷᠲᠠᠢ ᠶᠤᠮ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠪᠣᠯᠤᠨ᠎ᠠ᠃ | ᠡᠨᠡ ᠬᠦ ᠵᠠᠩᠭᠢᠯᠠᠭ᠎ᠠ ᠶᠢᠨ ᠴᠠᠭ ᠦᠶ᠎ᠡ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ | ᠨᠠᠮ ᠤᠨ ᠭᠡᠰᠢᠭᠦᠨ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ | ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃ | ᠪᠡᠶ᠎ᠡ ᠪᠠᠷ ᠢᠶᠠᠨ ᠬᠡᠪ ᠳᠦᠷᠢᠮ ᠪᠤᠯᠪᠠ — ︽ᠡᠯ᠎ᠡ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ | ᠳᠠᠭᠤᠷᠢᠶᠠᠯ ᠪᠤᠯᠵᠤ᠂ ᠬᠡᠯᠡᠭᠰᠡᠨ ᠢᠶᠠᠨ ᠪᠡᠶᠡᠯᠡᠭᠦᠯᠵᠦ᠂ ᠠᠮᠠᠯᠠᠭᠰᠠᠨ ᠢᠶᠠᠨ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠨᠥᠬᠦᠳ ᠮᠢᠨᠦ ᠥᠪᠡᠷ ᠤᠨ ᠪᠡᠶ᠎ᠡ ᠠᠴᠠ ᠡᠬᠢᠯᠡᠨ ᠬᠢᠬᠦ ᠬᠡᠷᠡᠭᠲᠡᠢ︾ | ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ᠂ ᠤᠴᠢᠷ ᠶᠠᠪᠤᠳᠠᠯ ᠢ ᠪᠣᠳᠣᠯᠬᠢᠯᠠᠬᠤ ᠶᠢᠨ ᠰᠠᠭᠤᠷᠢ᠂ ᠤᠴᠢᠷ | ᠶᠠᠪᠤᠳᠠᠯ ᠢ ᠪᠦᠲᠦᠭᠡᠬᠦ ᠶᠢᠨ ᠶᠣᠰᠣ ᠮᠥᠨ᠃ ᠲᠥᠪ ᠤᠨ ᠨᠠᠢᠮᠠᠨ ᠲᠣᠭᠲᠠᠭᠠᠯ ᠤᠨ ᠨᠢᠭᠡᠳᠦᠭᠡᠷ ᠵᠦᠢᠯ ᠪᠣᠯ ᠳᠠᠷᠤᠢ ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ | ᠶᠠᠪᠤᠳᠠᠯ ᠪᠣᠯᠤᠨ᠎ᠠ᠃ | 2023 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠨᠡᠬᠡᠬᠡᠯᠳᠡ ᠶᠢᠨ ︽ᠬᠡᠪ ᠰᠤᠷᠲᠠᠯ ᠤᠨ ᠬᠤᠰᠢᠭᠤᠴᠢ︾ ᠪᠣᠯᠤᠭᠰᠠᠨ | ᠭᠤᠸᠠᠩᠳᠦ᠋ᠩ ᠳᠤ ᠬᠦᠷᠴᠦ ᠰᠢᠨᠵᠢᠯᠡᠨ ᠪᠠᠶᠢᠴᠠᠭᠠᠪᠠ᠃ | ᠡᠨᠡ ᠪᠣᠯ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ | ᠵᠢᠯ ᠳᠤ ᠠᠩᠬ᠎ᠠ ᠤᠳᠠᠭ᠎ᠠ ᠣᠷᠣᠨ ᠨᠤᠲᠤᠭ ᠲᠤ ᠰᠢᠨᠵᠢᠯᠡᠨ ᠪᠠᠶᠢᠴᠠᠭᠠᠵᠤ ᠪᠠᠶᠢᠭ᠎ᠠ ᠶᠠᠪᠤᠳᠠᠯ ᠪᠣᠯᠤᠨ᠎ᠠ᠃ ᠲᠦᠷᠦᠭᠦᠬᠡᠨ ᠳᠤ ᠡᠬᠢᠯᠡᠭᠦᠯᠦᠭᠰᠡᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠳᠤ ︽ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠦᠷᠨᠢᠭᠦᠯᠬᠦ︾ ᠶᠢ ᠴᠢᠬᠤᠯᠠ ᠠᠭᠤᠯᠭ᠎ᠠ ᠪᠣᠯᠭᠠᠪᠠ᠃ | ᠮᠤᠤᠮᠢᠩ ᠤᠨ ᠪᠠᠢ ᠴᠢᠶᠣᠤ ᠲᠣᠰᠬᠤᠨ ᠤ ᠪᠡᠷᠴᠢᠭᠢᠷ ᠯᠣᠣ ᠶᠢᠨ ᠨᠢᠳᠦᠨ ᠤ ᠮᠣᠳᠣᠨ ᠳᠣᠣᠷ᠎ᠠ᠂ ᠪᠡᠷᠴᠢᠭᠢᠷ ᠯᠣᠣ ᠶᠢᠨ ᠨᠢᠳᠦᠨ ᠤ ᠦᠨ᠎ᠡ ᠬᠠᠩᠰᠢ᠂ | ᠪᠣᠷᠣᠯᠠᠭᠤᠯᠭ᠎ᠠ ᠶᠢᠨ ᠠᠷᠭ᠎ᠠ ᠵᠠᠮ᠂ ᠵᠢᠮᠢᠰ ᠤᠨ ᠲᠠᠷᠢᠶᠠᠴᠢᠨ ᠤ ᠣᠷᠣᠯᠭ᠎ᠠ ᠶᠢ ᠨᠠᠷᠢᠨ ᠠᠰᠠᠭᠤᠪᠠ︔ ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ | ᠬᠦᠷᠢᠶᠡᠯᠡᠩ ᠳᠤ ᠶᠠᠷᠢᠯᠴᠠᠨ ᠰᠠᠨᠠᠯ ᠢᠶᠠᠨ ᠰᠣᠯᠢᠯᠴᠠᠵᠤ᠂ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠵᠤ᠂ ᠲᠤᠰᠬᠠᠯ ᠢ ᠰᠢᠭᠤᠳ ᠰᠣᠨᠣᠰᠴᠤ᠂ ᠦᠨᠡᠨ ᠮᠡᠳᠡᠯᠭᠡ | ᠨᠡᠪᠲᠡᠷᠬᠡᠢ ᠦᠵᠡᠯᠲᠡ ᠪᠦ᠋ᠬᠦᠢ ︽ᠡᠬᠢ ᠡᠭᠦᠰᠦᠯ︾ ᠢ ᠡᠷᠢᠯᠬᠢᠯᠡᠭᠰᠡᠨ ᠪᠠᠶᠢᠨ᠎ᠠ᠃ | 4 ᠡᠳᠦᠷ ᠤᠨ ᠬᠤᠭᠤᠴᠠᠭᠠᠨ ᠳᠤ᠂ ᠵᠠᠨᠵᠢᠶᠠᠩ᠂ ᠮᠤᠤᠮᠢᠩ ᠠᠴᠠ ᠭᠤᠸᠠᠩᠵᠧᠦ ᠳᠤ ᠬᠦᠷᠴᠦ᠂ ᠪᠠᠷᠠᠭᠤᠨ ᠠᠴᠠ ᠵᠡᠭᠦᠨᠰᠢ ᠭᠤᠸᠠᠩᠳᠦ᠋ᠩ ᠤᠨ ᠪᠠᠷᠠᠭᠤᠨ | ᠬᠡᠰᠡᠭ ᠤᠨ ᠡᠬᠡ ᠭᠠᠵᠠᠷ ᠢ ᠲᠤᠭᠤᠯᠵᠤ᠂ ᠴᠢᠶᠦ᠋ᠩᠵᠸᠤ ᠬᠤᠭᠤᠯᠠᠢ ᠶᠢᠨ ᠬᠦᠪᠡᠭᠡ ᠠᠴᠠ ᠵᠦᠵᠢᠶᠠᠩ ᠮᠥᠷᠡᠨ ᠤ ᠬᠦᠪᠡᠭᠡ ᠬᠦᠷᠲᠡᠯ᠎ᠡ᠂ ᠮᠢᠩᠭᠠᠨ ᠭᠠᠵᠠᠷ ᠠᠶᠠᠯᠠᠵᠤ᠂ | ᠶᠡᠷᠦᠩᠬᠡᠢ ᠱᠦᠵᠢ ᠰᠢ ᠶᠢᠨ ᠫᠢᠩ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠵᠠᠮ ᠲᠤᠷᠰᠢ ᠪᠠᠶᠢᠴᠠᠭᠠᠨ ᠰᠤᠳᠤᠯᠵᠤ᠂ ᠵᠠᠮ ᠲᠤᠷᠰᠢ ᠰᠡᠳᠭᠢᠨ ᠪᠣᠳᠣᠯᠬᠢᠯᠠᠪᠠ᠃ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠡᠶ᠎ᠡ ᠪᠠᠷ ᠢᠶᠠᠨ ᠰᠤᠷᠤᠯᠴᠠᠨ ᠮᠡᠳᠡᠯᠭᠡ ᠡᠵᠡᠮᠰᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠵᠣᠭᠰᠣᠰᠢ ᠦᠭᠡᠢ ᠪᠠᠷ ᠤᠯᠤᠰ ᠤᠨ ᠳᠣᠲᠣᠭᠠᠳᠤ ᠳᠤ ᠵᠠᠭᠤ ᠭᠠᠷᠤᠢ ᠤᠳᠠᠭ᠎ᠠ ᠰᠢᠨᠵᠢᠯᠡᠨ ᠪᠠᠶᠢᠴᠠᠭᠠᠵᠤ ᠪᠠᠶᠢᠴᠠᠭᠠᠨ | ᠰᠤᠳᠤᠯᠤᠯᠲᠠ ᠬᠢᠵᠦ᠂ ᠶᠠᠪᠤᠵᠤ ᠦᠩᠭᠡᠷᠡᠭᠰᠡᠨ ᠮᠥᠷ ᠨᠢ ᠡᠬᠡ ᠤᠯᠤᠰ ᠤᠨ ᠭᠠᠵᠠᠷ ᠪᠤᠯᠭᠠᠨ ᠳᠤ ᠲᠦᠭᠡᠭᠡᠵᠦ᠂ ᠶᠡᠷᠦ ᠨᠢ ᠠᠷᠠᠳ ᠲᠦᠮᠡᠨ ᠤ ᠳᠤᠮᠳᠠ | ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠦᠬᠦ ᠨᠠᠮ ᠤᠨ ᠪᠠᠶᠢᠴᠠᠭᠠᠨ ᠰᠤᠳᠤᠯᠤᠯᠲᠠ ᠶᠢ | ᠴᠢᠬᠤᠯᠠᠴᠢᠯᠠᠬᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠳᠠᠮᠠᠭᠠᠢ ᠪᠠᠶᠢᠬᠤ ᠳᠤ ᠭᠡᠷᠡᠯ ᠰᠠᠴᠤᠷᠠᠩᠭᠤᠢ ᠳᠠᠭᠤᠷᠢᠶᠠᠯ | ᠦᠵᠡᠭᠦᠯᠵᠡᠢ᠃ | ᠪᠡᠶ᠎ᠡ ᠪᠠᠷ ᠢᠶᠠᠨ ᠬᠡᠪ ᠲᠦᠷᠢᠮ ᠪᠣᠯᠬᠤ ᠨᠢ ᠠᠵᠢᠯ ᠪᠠ ᠠᠮᠢᠳᠤᠷᠠᠯ ᠤᠨ ᠡᠯ᠎ᠡ ᠲᠠᠯ᠎ᠠ ᠳᠤ ᠢᠯᠡᠷᠡᠵᠦ ᠪᠠᠶᠢᠳᠠᠭ᠃ | ᠰᠢᠨᠵᠢᠯᠡᠨ ᠪᠠᠶᠢᠴᠠᠭᠠᠬᠤ ᠳᠤᠮᠳᠠ ᠶᠡᠷᠦ ᠠᠴᠠ ᠬᠦᠮᠦᠨ ᠴᠦᠬᠡᠨ ᠬᠥᠰᠭᠡ ᠬᠥᠩᠭᠡᠨ ᠪᠠᠶᠢᠵᠤ᠂ ᠬᠤᠨᠤᠭ ᠪᠠᠭᠤᠳᠠᠯ ᠢ ᠳᠥᠭᠦᠮᠴᠢᠯᠡᠨ ᠲᠤᠬᠢᠷᠠᠭᠤᠯᠵᠤ᠂ | ᠭᠠᠳᠠᠭᠠᠳᠤ ᠳᠤ ᠠᠶᠢᠯᠴᠢᠯᠠᠬᠤ ᠳᠠᠭᠠᠨ ᠴᠤ ᠭᠠᠳᠠᠭᠠᠲᠤ ᠶᠠᠪᠤᠳᠠᠯ ᠤᠨ ᠲᠦᠷᠢᠮ ᠲᠤᠭᠲᠠᠭᠠᠯ ᠢ ᠴᠢᠩᠭ᠎ᠠ ᠬᠡᠷᠡᠭᠵᠢᠭᠦᠯᠳᠡᠭ ᠁ ᠶᠡᠷᠦᠩᠬᠡᠢ ᠱᠦᠵᠢ ᠰᠢ ᠶᠢᠨ ᠫᠢᠩ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠲᠡᠷᠡ ᠶᠣᠰᠣᠭᠠᠷ ᠨᠢ᠂ ᠬᠡᠯᠪᠡᠷᠢ ᠶᠢ ᠨᠢ | ᠬᠤᠪᠢᠷᠠᠭᠤᠯᠬᠤ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠡᠰ ᠪᠠᠲᠤ ᠢᠲᠡᠭᠡᠯ ᠪᠢᠰᠢᠷᠡᠯ ᠢ ᠢᠯᠡᠷᠡᠭᠦᠯᠵᠦ᠂ ᠪᠦᠬᠦ ᠨᠡᠶᠢᠭᠡᠮ ᠤᠨ ᠰᠢᠨ᠎ᠡ ᠰᠤᠷᠲᠠᠯ ᠲᠥᠪ | ᠰᠤᠷᠲᠠᠯ ᠲᠠᠰᠤᠷᠠᠯᠳᠠ ᠦᠭᠡᠢ ᠪᠤᠢ ᠪᠤᠯᠬᠤ ᠶᠢ ᠲᠠᠶᠢᠴᠢᠯᠠᠪᠠ᠃ | ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠬᠠᠮᠤᠭ ᠤᠨ ᠴᠢᠬᠤᠯᠠ ᠨᠢ ᠠᠷᠠᠳ ᠤᠯᠠᠨ ᠯᠤᠭ᠎ᠠ ᠶᠢᠨ ᠰᠠᠯᠵᠤ ᠪᠣᠯᠤᠰᠢ ᠦᠭᠡᠢ | ᠬᠠᠷᠢᠴᠠᠭ᠎ᠠ ᠶᠢ ᠪᠠᠲᠤᠯᠠᠬᠤ ᠡᠨᠡ ᠬᠦ ᠭᠤᠣᠯ ᠠᠰᠠᠭᠤᠳᠠᠯ ᠢ ᠠᠳᠬᠤᠬᠤ ᠬᠡᠷᠡᠭᠲᠡᠢ᠃ | ᠬᠥᠬᠡᠭᠴᠢᠨ ᠮᠣᠭᠠᠶ ᠵᠢᠯ ᠤᠨ ᠡᠮᠦᠨᠡᠬᠡᠨ᠂ ᠱᠠᠨᠠᠭ᠎ᠠ ᠪᠣᠭᠤᠮᠲᠠ ᠶᠢᠨ ᠭᠠᠳᠠᠨ᠎ᠠ᠂ ᠮᠥᠰᠥ ᠴᠠᠰᠤᠨ ᠳᠤ ᠬᠤᠴᠢᠭᠳᠠᠪᠠ᠃ ᠶᠡᠷᠦᠩᠬᠡᠢ ᠱᠦᠵᠢ ᠰᠢ ᠶᠢᠨ ᠫᠢᠩ | ᠤᠮᠠᠷᠠᠰᠢ ᠮᠣᠷᠳᠠᠵᠤ᠂ ᠯᠢᠶᠣᠤᠨᠢᠩ ᠳᠤ ᠬᠦᠷᠴᠦ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ | ︽ᠪᠢ ᠰᠡᠳᠭᠢᠯ ᠳᠡᠭᠡᠨ ᠪᠤᠳᠤᠭᠰᠠᠭᠠᠷ ᠪᠠᠶᠢᠨ᠎ᠠ᠂ ᠲᠡᠷᠡ ᠬᠡᠰᠡᠭ ᠬᠤᠭᠤᠴᠠᠭᠠᠨ ᠳᠤ ᠡᠳᠦᠷ ᠪᠦᠷᠢ ᠲᠠᠨ ᠤ ᠠᠳᠡᠬᠢ ᠪᠠᠶᠢᠳᠠᠯ ᠢ ᠣᠶᠢᠯᠠᠭᠠᠵᠤ ᠪᠠᠶᠢᠯ᠎ᠠ︾᠃ | ᠯᠢᠶᠣᠤᠨᠢᠩ ᠳᠤ ᠰᠢᠨᠵᠢᠯᠡᠨ ᠪᠠᠶᠢᠴᠠᠭᠠᠬᠤ ᠠᠩᠬᠠᠨ ᠤ ᠦᠷᠳᠡᠭᠡ ᠳᠤ᠂ ᠶᠡᠷᠦᠩᠬᠡᠢ ᠱᠦᠵᠢ ᠭᠠᠯᠲᠤ ᠲᠡᠷᠭᠡ᠂ ᠮᠠᠰᠢᠨ ᠲᠡᠷᠭᠡᠨ ᠳᠤ ᠰᠠᠭᠤᠵᠤ᠂ ᠨᠢᠳᠤᠨᠤᠨ ᠤ | ᠦᠶᠡᠷ ᠤᠨ ᠭᠠᠮᠰᠢᠭ ᠲᠤ ᠬᠦᠨᠳᠦ ᠭᠠᠮᠰᠢᠭᠳᠠᠭᠰᠠᠨ ᠬᠤᠯᠤ ᠠᠷᠠᠯ ᠳᠤ ᠢᠷᠡᠪᠡ᠃ | ᠠᠯᠢ ᠤᠯᠠᠨ ᠬᠥᠮᠦᠨ ᠤ ᠰᠡᠳᠭᠢᠯ ᠢ ᠬᠥᠳᠡᠯᠭᠡᠮ᠎ᠡ ᠦᠵᠡᠭᠳᠡᠯ ᠢ ᠬᠥᠮᠦᠰ ᠴᠡᠭᠡᠵᠢᠯᠡᠭᠰᠡᠭᠡᠷ ᠪᠠᠶᠢᠨ᠎ᠠ — | ᠶᠦᠨᠨᠠᠨ ᠤ ᠯᠦ ᠳ᠋ᠢᠶᠠᠨ ᠤ ᠭᠠᠵᠠᠷ ᠬᠥᠳᠡᠯᠦᠯᠲᠡ ᠶᠢᠨ ᠳᠠᠷᠠᠭ᠎ᠠ᠂ ᠭᠠᠵᠠᠷ ᠬᠥᠳᠡᠯᠦᠯᠲᠡ ᠶᠢᠨ ᠲᠥᠪ ᠬᠠᠪᠴᠢᠯ ᠳᠤ ᠬᠦᠷᠴᠦ᠂ ᠪᠦᠷᠢᠮᠦᠰᠦᠨ ᠡᠪᠳᠡᠭᠳᠡᠭᠰᠡᠨ | ᠬᠦᠷᠢᠶᠡᠨ ᠳᠤ ᠣᠷᠣᠵᠤ᠂ ᠭᠠᠵᠠᠷ ᠬᠥᠳᠡᠯᠦᠯᠲᠡ ᠶᠢᠨ ᠦᠬᠦᠯ ᠰᠢᠷᠬᠠᠲᠤᠯ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠵᠤ ᠪᠠᠶᠢᠭ᠎ᠠ ᠪᠠᠶᠢᠳᠠᠯ ᠢ | ᠯᠠᠪᠯᠠᠨ ᠠᠰᠠᠭᠤᠪᠠ︔ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠬᠡᠴᠡᠭᠦᠦ | ᠱᠠᠲᠤᠨ ᠳᠤ᠂ ᠦᠬᠠᠨ ᠳᠤ ᠨᠢᠰᠭᠡᠯ ᠢᠶᠠᠷ ᠬᠦᠷᠴᠦ ᠬᠢᠵᠢᠭ ᠲᠠᠢ ᠲᠡᠮᠡᠴᠡᠬᠦ ᠠᠵᠢᠯ ᠢ ᠵᠢᠯᠣᠭᠤᠳᠪᠠ︔ ᠱᠠᠨ ᠰᠢ ᠬᠤᠪᠣᠷ ᠲᠣᠬᠢᠶᠠᠯᠳᠤᠬᠤ ᠨᠠᠮᠤᠷ ᠤᠨ ᠦᠶᠡᠷ ᠤᠨ | ᠭᠠᠮᠰᠢᠭ ᠲᠤ ᠲᠤᠯᠭᠠᠷᠠᠭᠰᠠᠨ ᠤ ᠳᠠᠷᠠᠭ᠎ᠠ᠂ ᠶᠡᠭᠡ ᠴᠠᠰᠤᠨ ᠳᠤ ᠯᠢᠨᠹᠧᠨ ᠬᠤᠲᠠ ᠳᠤ ᠬᠦᠷᠴᠦ᠂ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ | ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ ᠁ | ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠭᠠᠮᠰᠢᠭᠳᠠᠭᠰᠠᠨ ᠣᠷᠣᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠷᠠᠳ | ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠪᠤᠲᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠵᠤ᠂ ᠤᠯᠠᠨ ᠤ ᠬᠦᠴᠢᠷ | ᠠᠰᠠᠭᠤᠳᠠᠯ ᠢ ᠰᠢᠢᠳᠪᠦᠷᠢᠯᠡᠨ ᠥᠭᠴᠦ᠂ ᠡᠷᠴᠢ ᠵᠣᠷᠢᠭ ᠢ ᠨᠢ ᠬᠥᠪᠴᠢᠯᠡᠨ᠂ ᠴᠢᠭᠯᠡᠯ ᠢ ᠵᠢᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠢ ᠪᠣᠯ ᠠᠷᠠᠳ ᠲᠦᠮᠡᠨ ᠤ | ᠦᠢᠯᠡᠴᠢᠯᠡᠭᠴᠢ︾ ᠭᠡᠬᠦ ᠴᠢᠩ ᠦᠨᠡᠨᠴᠢ ᠰᠡᠳᠭᠢᠯᠭᠡ ᠶᠢ ᠲᠠᠶᠢᠯᠪᠤᠷᠢᠯᠠᠭᠰᠠᠨ ᠪᠠᠶᠢᠨ᠎ᠠ᠃ | ᠬᠡᠳᠦᠨ ᠵᠢᠯ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠢᠲ᠋ᠠᠯᠢ ᠶᠢᠨ ᠲᠤᠤᠷᠠᠲᠤ ᠵᠥᠪᠯᠡᠯᠭᠡᠨ ᠤ ᠳᠠᠷᠤᠭ᠎ᠠ ᠹᠧᠶᠢᠺᠧ ᠲᠠᠢ ᠠᠭᠤᠯᠵᠠᠪᠠ᠃ ᠹᠧᠶᠢᠺᠧ᠄ | ︽ᠲᠠ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠪᠠᠷ ᠰᠣᠩᠭᠤᠭᠳᠠᠬᠤ ᠦᠶ᠎ᠡ ᠳᠤ ᠶᠠᠮᠠᠷ ᠰᠢᠤ ᠰᠡᠳᠭᠢᠯᠭᠡ ᠲᠠᠢ ᠪᠠᠶᠢᠭᠰᠠᠨ ᠪᠤᠢ︖︾ ᠭᠡᠵᠦ ᠠᠰᠠᠭᠤᠪᠠ᠃ | | ᠶᠡᠷᠦᠩᠬᠡᠢ ᠱᠦᠵᠢ ᠰᠢ ᠶᠢᠨ ᠫᠢᠩ᠄ ︽ᠡᠶᠢᠮᠦ ᠶᠡᠭᠡ ᠤᠯᠤᠰ᠂ ᠬᠠᠷᠢᠭᠤᠴᠠᠯᠭ᠎ᠠ ᠲᠦᠢᠯ ᠤᠨ ᠬᠦᠨᠳᠦ᠂ ᠠᠵᠢᠯ ᠲᠦᠢᠯ ᠤᠨ ᠪᠡᠷᠬᠡ ᠬᠠᠲᠠᠭᠤᠵᠢᠯᠲᠠᠢ᠃ | ᠠᠮᠢ ᠪᠡᠶ᠎ᠡ ᠪᠠᠨ ᠦᠯᠦ ᠪᠤᠳᠤᠵᠤ ᠠᠷᠠᠳ ᠲᠦᠮᠡᠨ ᠳᠤ ᠤᠰᠤᠯᠳᠠᠬᠤ ᠦᠭᠡᠢ᠃ ᠪᠢ ᠳᠤᠷᠠᠲᠠᠶ᠎ᠠ ︿ᠠᠮᠢ ᠪᠡᠶ᠎ᠡ ᠪᠠᠨ ᠦᠯᠦ ᠪᠤᠳᠤᠬᠤ﹀ ᠶᠢ ᠪᠡᠶᠡᠯᠡᠭᠦᠯᠵᠦ᠂ ᠳᠤᠮᠳᠠᠳᠤ | ᠤᠯᠤᠰ ᠤᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠪᠡ᠃ | ᠪᠡᠶ᠎ᠡ ᠪᠠᠷ ᠢᠶᠠᠨ ᠬᠡᠷᠡᠭᠵᠢᠬᠦᠯᠦᠭᠰᠡᠳ ᠢ ᠤᠯᠠᠨ ᠢᠶᠠᠷ ᠢᠶᠠᠨ ᠳᠠᠭᠠᠵᠤ᠂ ᠬᠤᠭᠤᠰᠤᠨ ᠦᠭᠡ ᠬᠡᠯᠡᠭᠰᠡᠳ ᠢ ᠲᠦᠮᠡᠨ ᠢᠶᠠᠷ ᠢᠶᠠᠨ ᠵᠢᠮᠡᠯᠡᠨ᠎ᠡ᠃ | ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ ᠲᠠᠯ᠎ᠠ ᠪᠠᠷ ᠬᠠᠷᠠᠯᠲᠠ ᠲᠠᠢ ᠪᠠᠷ ᠰᠤᠮᠤ ᠬᠠᠷᠪᠤᠵᠤ᠂ ᠠᠰᠠᠭᠤᠳᠠᠯ ᠳᠤ ᠰᠢᠭᠤᠳ ᠬᠠᠨᠳᠤᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠭᠢᠮᠵᠢ ᠰᠢᠨ᠎ᠡ ᠠᠷᠭ᠎ᠠ ᠬᠡᠮᠵᠢᠶ᠎ᠡ ᠶᠢ ᠰᠤᠳᠤᠯᠤᠨ | ᠳᠤᠷᠠᠳᠬᠤ ᠶᠢ ᠴᠢᠬᠤᠯᠠᠴᠢᠯᠠᠪᠠ︔ ᠬᠤᠷᠠᠯ ᠢ ᠴᠣᠮᠬᠠᠳᠬᠠᠬᠤ ᠠᠵᠢᠯᠯᠠᠭ᠎ᠠ ᠶᠢᠨ ᠲᠠᠯ᠎ᠠ ᠪᠠᠷ᠂ ᠴᠢᠬᠤᠯᠠ ᠶᠡᠭᠡ ᠬᠤᠷᠠᠯ ᠤᠨ ᠠᠵᠢᠯᠯᠠᠭ᠎ᠠ ᠶᠢᠨ ᠶᠡᠷᠦᠩᠬᠡᠶ ᠬᠡᠮᠵᠢᠶ᠎ᠡ ᠶᠢ | ᠡᠬᠢ ᠡᠭᠦᠰᠦᠯ ᠠᠴᠠ ᠨᠢ ᠡᠵᠡᠮᠳᠡᠬᠦ ᠶᠢ ᠴᠢᠬᠤᠯᠠᠴᠢᠯᠠᠵᠤ᠂ ᠲᠥᠪ ᠤᠨ ᠬᠤᠷᠠᠯ ᠤᠨ ᠠᠵᠢᠯᠯᠠᠭ᠎ᠠ ᠶᠢᠨ ᠬᠤᠷᠠᠯ ᠤᠨ ᠬᠤᠭᠤᠴᠠᠭ᠎ᠠ᠂ ᠬᠡᠪᠴᠢᠶ᠎ᠡ᠂ ᠪᠠᠷᠢᠮᠵᠢᠶ᠎ᠠ ᠶᠢ | ᠴᠢᠩᠭ᠎ᠠ ᠬᠢᠵᠠᠭᠠᠷᠯᠠᠪᠠ︔ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢ ᠴᠣᠮᠬᠠᠳᠬᠠᠬᠤ ᠲᠠᠯ᠎ᠠ ᠪᠠᠷ᠂ ᠲᠥᠪ ᠤᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ | ᠵᠣᠬᠢᠶᠠᠯ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ᠂ ︽ᠣᠬᠤᠷ ᠪᠣᠳᠠᠲᠠᠶ ᠰᠢᠨ᠎ᠡ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠷᠢᠮᠵᠢᠶ᠎ᠠ ᠠᠴᠠ | ᠬᠡᠲᠦᠷᠡᠭᠦᠯᠦᠨ ᠪᠢᠴᠢᠭ ᠮᠠᠲ᠋ᠧᠷᠢᠶᠠᠯ ᠶᠠᠪᠤᠭᠤᠯᠬᠤ ᠠᠴᠠ ᠵᠠᠶᠢᠯᠠᠰᠭᠢᠪᠠ ᠁ | ᠲᠥᠪ ᠤᠨ ᠤᠯᠤᠰ ᠲᠦᠷᠦ ᠶᠢᠨ ᠲᠣᠪᠴᠢᠶᠠᠨ ᠤ ᠪᠤᠰᠤᠳ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ᠂ ᠰᠠᠯᠠᠭ᠎ᠠ ᠮᠥᠴᠢᠷ ᠪᠣᠯᠤᠨ ᠪᠠᠶᠢᠭ᠎ᠠ ᠭᠠᠵᠠᠷ ᠣᠷᠣᠨ ᠤ ᠬᠢᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ | ᠠᠳᠬᠤᠪᠠ᠃ | ᠶᠡᠷᠦᠩᠬᠡᠢ ᠱᠦᠵᠢ ᠰᠢ ᠶᠢᠨ ᠫᠢᠩ ᠤᠨ ᠵᠢᠯᠤᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠨᠠᠮ ᠤᠨ | ᠰᠤᠷᠲᠠᠯ ᠢ ᠪᠦᠬᠦ ᠲᠠᠯ᠎ᠠ ᠪᠠᠷ ᠴᠡᠪᠡᠷᠰᠢᠭᠦᠯᠵᠦ᠂ ᠵᠠᠷᠯᠢᠭ ᠪᠠᠭᠤᠯᠭᠠᠪᠠᠯ ᠵᠠᠪᠠᠯ ᠬᠡᠷᠡᠭᠵᠢᠭᠦᠯᠵᠦ᠂ ᠴᠥᠬᠦᠷᠡᠰᠢ ᠦᠭᠡᠢ ᠤᠷᠤᠭᠰᠢᠯᠠᠵᠤ᠂ ᠨᠠᠮ ᠤᠨ ᠪᠦᠲᠦᠭᠡᠯᠴᠢ | ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠪᠠ — ︽ᠡᠷᠴᠢᠮ ᠢᠶᠠᠨ ᠪᠠᠲᠤᠯᠠᠵᠤ᠂ ᠡᠷᠴᠢ ᠵᠣᠷᠢᠭ ᠢᠶᠠᠨ ᠪᠠᠲᠤᠯᠠᠵᠤ᠂ ᠰᠠᠶᠢᠨ ᠢᠶᠠᠷ ᠡᠬᠢᠯᠡᠭᠦᠯᠵᠦ | ᠰᠠᠶᠢᠨ ᠢᠶᠠᠷ ᠲᠡᠭᠦᠰᠭᠡᠵᠦ᠂ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠲᠠᠰᠤᠷᠠᠯᠳᠠ | ᠦᠭᠡᠢ ᠤᠯᠪᠠ︾ | ︽ᠲᠠᠶᠢᠱᠠᠨ ᠠᠭᠤᠯᠠ ᠶᠢᠨ ᠬᠠᠭᠠᠰ ᠪᠠᠯ ᠳᠤ ᠪᠠᠶᠢᠭ᠎ᠠ ᠨᠢᠭᠡ ᠬᠡᠰᠡᠭ ᠲᠡᠭᠰᠢ ᠵᠠᠮ ᠢ ︿ᠪᠠᠶᠠᠰᠬᠤᠯᠠᠩᠲᠤ ᠭᠤᠷᠪᠠᠨ ᠭᠠᠵᠠᠷ﹀ ᠭᠡᠳᠡᠭ᠂ ᠵᠠᠷᠢᠮ ᠬᠥᠮᠦᠰ | ᠠᠭᠤᠯᠠ ᠠᠪᠠᠷᠢᠭᠠᠳ ᠶᠠᠳᠠᠷᠠᠪᠠᠯ ᠠᠳᠡ ᠠᠮᠠᠷᠠᠬᠤ ᠳᠤᠷᠠᠲᠠᠶ ᠪᠠᠶᠢᠳᠠᠭ᠃ ᠭᠡᠲᠡᠯ᠎ᠡ ᠳᠠᠮᠨᠠᠬᠤ ᠠᠵᠢᠯᠴᠢᠨ ᠶᠡᠷᠦᠳᠡᠭᠡᠨ ᠠᠳᠡ ᠤᠳᠠᠭᠠᠨ ᠠᠮᠤᠰᠬᠢᠳᠠᠭ ᠦᠭᠡᠢ᠂ | ᠤᠴᠢᠷ ᠨᠢ ᠤᠳᠠᠭᠠᠨ ᠠᠮᠠᠷᠠᠪᠠᠯ ︿ᠵᠠᠯᠬᠠᠭᠤᠷᠠᠵᠤ﹀᠂ ᠲᠠᠬᠢᠭᠠᠳ ︿ᠠᠷᠪᠠᠨ ᠨᠠᠢᠮᠠᠨ ᠤᠷᠢᠶᠠᠮᠠᠯ﹀ ᠳᠡᠭᠡᠷ᠎ᠡ ᠭᠠᠷᠬᠤ ᠳᠤ ᠨᠡᠩ ᠬᠦᠴᠢᠷ ᠪᠣᠯᠳᠠᠭ︾᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ | ᠡᠬᠢᠯᠡᠬᠦ ᠶᠣᠰᠣᠯᠠᠯ ᠳᠡᠭᠡᠷ᠎ᠡ᠂ ᠨᠠᠮ ᠤᠨ ᠳᠣᠲᠣᠭᠠᠳᠤ ᠶᠢᠨ ᠳᠡᠭᠡᠳᠦ ᠵᠡᠷᠭᠡ ᠶᠢᠨ ᠺᠠᠳ᠋ᠷ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠠᠮᠢᠳᠤᠯᠢᠭ ᠦᠯᠢᠭᠡᠷ ᠢᠶᠠᠷ | ︽ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ︾ ᠭᠡᠬᠦ ᠪᠣᠷᠣᠭᠵᠢᠭᠤᠨ ᠶᠣᠰᠣ ᠶᠢ ᠲᠠᠶᠢᠯᠪᠤᠷᠢᠯᠠᠪᠠ᠃ | ᠴᠢᠩᠭ᠎ᠠ ᠠᠳᠬᠤᠨ ᠳᠠᠳᠬᠠᠯ ᠪᠤᠯᠭᠠᠵᠤ᠂ ᠦᠷ᠎ᠡ ᠪᠦᠲᠦᠮᠵᠢ ᠭᠠᠷᠭᠠᠵᠤ᠂ ᠰᠤᠷᠳᠠᠯ ᠢ ᠬᠤᠪᠢᠷᠠᠭᠤᠯᠪᠠ᠃ | ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠢᠯᠣᠭᠤᠳᠣᠯᠭ᠎ᠠ ᠳᠤᠤᠷ᠎ᠠ᠂ ᠪᠥᠬᠦ ᠨᠠᠮ ᠢᠶᠠᠷ ᠢᠶᠠᠨ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠰᠤᠷᠲᠠᠯ ᠤᠨ ᠬᠡᠮ ᠠᠷᠬᠠᠭ ᠢ ᠰᠢᠨᠵᠢᠯᠡᠬᠦ ᠤᠬᠠᠭᠠᠨᠴᠢ ᠪᠠᠷ | ᠨᠠᠷᠢᠯᠢᠭ ᠣᠨᠤᠴᠠᠳᠠᠢ ᠴᠡᠭᠴᠡᠯᠡᠨ ᠵᠠᠰᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ | ᠬᠥᠭᠵᠢᠭᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠪᠠᠲᠤᠯᠠᠭ᠎ᠠ ᠬᠠᠩᠭᠠᠪᠠ᠃ | ︽ᠤᠯᠤᠰ ᠲᠥᠷᠥ ᠶᠢᠨ ᠨᠢᠭᠤᠴᠠᠭᠠᠢ ᠳᠦᠷᠢᠮ︾ ᠢ ᠡᠪᠳᠡᠵᠦ᠂ ︽ᠰᠤᠷᠲᠠᠯ︾ ᠢ ᠴᠢᠩᠭ᠎ᠠ ᠵᠠᠯᠠᠷᠠᠭᠤᠯᠵᠤ ᠠᠷᠢᠭᠤᠨ ᠴᠢᠬᠡᠴᠢ ᠤᠯᠤᠰ ᠲᠥᠷᠥ ᠶᠢᠨ ᠠᠮᠢ | ᠠᠬᠤᠶ ᠶᠢ ᠪᠠᠬᠢᠵᠢᠭᠦᠯᠪᠡ — | 2023 ᠣᠨ ᠤ 1 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠬᠤᠷᠠᠯᠳᠤᠪᠠ᠃ | ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︿ᠲᠦᠷᠪᠡᠨ ᠰᠤᠷᠲᠠᠯ﹀ ᠢ ᠵᠠᠯᠠᠷᠠᠭᠤᠯᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠤᠨ ᠣᠨᠴᠠ ᠡᠷᠬᠡ ᠶᠢᠨ | ᠦᠵᠡᠭᠳᠡᠯ ᠢ ᠡᠷᠡᠰ ᠡᠰᠡᠷᠭᠦᠴᠡᠵᠦ᠂ ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ᠂ ᠲᠡᠮᠤᠷ ᠪᠠᠷᠢᠪᠠᠯ ᠤᠷᠤᠮ ᠲᠠᠢ ᠪᠠᠶᠢᠵᠤ᠂ ᠤᠷᠳᠤ ᠬᠤᠭᠤᠴᠠᠭ᠎ᠠ ᠪᠠᠷ ᠵᠤᠬᠰᠤᠭᠠᠵᠤ | ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠵᠤᠬᠰᠤᠭᠠᠵᠤ᠂ ᠤᠯᠠᠨ ᠵᠢᠯ ᠤᠨ ᠲᠤᠷᠰᠢ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠤᠯᠪᠠ︾᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠣᠯᠤᠭᠰᠠᠨ ᠴᠢᠬᠤᠯᠠ ᠶᠡᠭᠡ | ᠠᠮᠵᠢᠯᠲᠠ ᠪᠦᠲᠦᠮᠵᠢ ᠶᠢ ᠭᠦᠨᠵᠡᠭᠡᠢ ᠳ᠋ᠦᠩᠨᠡᠪᠡ᠃ | ᠰᠤᠷᠲᠠᠯ ᠤᠨ ᠪᠠᠶᠢᠭᠤᠯᠤᠯᠲᠠ ᠬᠡᠵᠢᠶᠡᠳᠡ ᠵᠤᠬᠰᠤᠰᠢ ᠦᠭᠡᠢ ᠪᠠᠶᠢᠵᠤ ᠡᠴᠦᠰ ᠲᠤᠨᠢ ᠳᠤᠯᠳᠠᠯ᠎ᠠ ᠴᠢᠩᠭ᠎ᠠ ᠠᠳᠬᠤᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠩᠭ᠎ᠠ | ᠪᠠᠶᠢᠬᠤ ᠪᠠᠷᠢᠮᠵᠢᠶ᠎ᠠ ᠪᠠ ᠴᠢᠩᠭ᠎ᠠ ᠪᠠᠶᠢᠬᠤ ᠠᠭᠤᠷ ᠠᠮᠢᠰᠬᠤᠯ ᠢ ᠪᠠᠷᠢᠮᠲᠠᠯᠠᠵᠤ᠂ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠤᠯᠪᠠ᠄ | ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠭᠰᠡᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠵᠡᠷᠭᠡ | ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ᠲᠦᠷᠭᠡᠨ ᠬᠦᠷᠭᠡᠯᠲᠡ ᠪᠠᠷ ᠪᠡᠯᠡᠭ ᠬᠦᠷᠭᠡᠬᠦ᠂ ᠠᠯᠪᠠᠨ ᠤ ᠵᠣᠭᠤᠰ ᠢᠶᠠᠷ ᠵᠢᠭᠤᠯᠴᠢᠯᠠᠬᠤ ᠵᠡᠷᠭᠡ ᠨᠢᠭᠤᠭᠳᠠᠮᠠᠯ | ᠤᠨᠳᠤᠤᠰᠢᠯ ᠠᠰᠠᠭᠤᠳᠠᠯ ᠢ ᠭᠦᠨᠵᠡᠭᠡᠶ ᠠᠭᠤᠳᠠᠯᠤᠨ ᠨᠠᠷᠢᠨ ᠪᠠᠶᠢᠴᠠᠭᠠᠵᠤ᠂ ᠠᠯᠪᠠᠨ ᠬᠡᠷᠡᠭᠯᠡᠭᠡᠨ ᠤ ᠬᠡᠷ ᠦᠷᠦᠭᠡ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ | ᠴᠢᠩᠭ᠎ᠠ ᠠᠩᠬᠠᠷᠴᠤ᠂ ᠠᠯᠢ ᠣᠯᠠᠨ ᠭᠠᠵᠢᠭᠤ ᠰᠤᠷᠲᠠᠯ ᠤᠨ ᠬᠡᠮ ᠰᠣᠭᠤᠭ ᠨᠢ ᠬᠥᠮᠦᠨ ᠪᠦᠬᠦᠨ ᠤ ︽ᠵᠠᠨᠤᠯᠳᠤ ᠡᠳᠡᠭᠡᠳ︾ ᠪᠣᠯᠤᠭᠰᠠᠨ ᠪᠠᠶᠢᠨ᠎ᠠ︔ | ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ᠂ ︽ᠦᠩᠭᠡᠨ ᠲᠠᠯ᠎ᠠ ᠶᠢᠨ ᠢᠨᠵᠧᠨᠧᠷᠢᠩ︾ ᠬᠢᠬᠦ ᠵᠢᠴᠢ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ | ᠦᠭᠡᠢ᠂ ᠳᠤᠷ᠎ᠠ ᠪᠠᠷ ᠢᠶᠠᠨ ᠦᠢᠯᠡᠳᠬᠦ ᠵᠡᠷᠭᠡ ᠶᠢ ᠲᠤᠰᠬᠠᠢ ᠴᠡᠭᠴᠡᠯᠡᠨ ᠵᠠᠰᠠᠵᠤ᠂ ᠰᠣᠩᠭᠤᠯᠲᠠ ᠬᠢᠬᠦ᠂ ᠦᠭᠡᠷᠡᠳᠦᠬᠦᠯᠦᠨ ᠬᠤᠪᠢᠷᠠᠭᠤᠯᠬᠤ᠂ ᠳᠤᠲᠠᠭᠤ ᠲᠤᠷᠭᠤᠨ | ᠬᠢᠵᠦ᠂ ᠣᠪᠣᠷ ᠢᠶᠠᠨ ᠢᠯᠡᠳᠭᠡᠬᠦ ᠨᠢ ᠤᠯᠠᠨ ᠬᠠᠰᠬᠢᠷᠬᠤ ᠳᠠᠭᠤ ᠨᠢ ᠦᠨᠳᠦᠷ᠂ ᠠᠵᠢᠯᠯᠠᠭ᠎ᠠ ᠨᠢ ᠴᠥᠭᠡᠨ ᠨᠠᠶᠢᠳᠠᠪᠤᠷᠢᠵᠢᠭᠤᠯᠤᠯᠲᠠ ᠨᠢ ᠠᠨᠠᠢ ᠪᠠᠶᠢᠬᠤ ᠠᠰᠠᠭᠤᠳᠠᠯ ᠢ | ᠲᠥᠪᠯᠡᠷᠡᠭᠦᠯᠦᠨ ᠵᠠᠯᠠᠷᠠᠭᠤᠯᠵᠤ᠂ ᠨᠢᠭᠡ ᠪᠦᠯᠦᠭ ᠥᠭᠡᠷᠡᠴᠢᠯᠡᠯᠲᠡ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠪᠠ︔ | ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠬᠤᠯᠪᠣᠭᠠᠯᠠᠨ ᠬᠥᠳᠡᠯᠦᠯᠴᠡᠵᠦ ᠬᠠᠮᠲᠤᠷᠠᠨ ᠪᠠᠶᠢᠴᠠᠭᠠᠵᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ | ᠵᠢᠯᠣᠭᠤᠳᠤᠭᠰᠠᠨ ᠤ ᠠᠷᠤ ᠳᠠᠬᠢ ︽ᠳᠥᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠳᠦᠷᠪᠡᠨ ᠰᠤᠷᠲᠠᠯ ᠪᠠ ᠢᠯᠵᠢᠷᠠᠯ ᠢ ᠰᠡᠷᠭᠡᠶᠢᠯᠡᠨ ᠵᠠᠰᠠᠬᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠥᠬᠡᠶ | ᠪᠠᠬᠢᠵᠢᠭᠦᠯᠪᠡ᠃ | ᠡᠳᠦᠭᠡ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠲᠥᠪ ᠤᠨ ᠨᠠᠢᠮᠠᠨ ᠲᠣᠭᠲᠠᠭᠠᠯ ᠨᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ | ᠪᠣᠯᠤᠨ ᠤᠯᠤᠰ ᠲᠦᠷᠦ ᠶᠢᠨ ᠠᠮᠢ ᠠᠬᠤᠢ ᠶᠢ ᠶᠡᠭᠡ ᠪᠠᠷ ᠰᠠᠶᠢᠵᠢᠷᠠᠭᠤᠯᠵᠤ᠂ ᠤᠯᠠᠨ ᠳᠤ ᠦᠨᠡᠨ ᠬᠦ᠂ ᠪᠣᠳᠠᠲᠠᠢ ᠬᠤᠪᠢᠷᠠᠯᠲᠠ ᠶᠢ ᠮᠡᠳᠡᠷᠡᠭᠦᠯᠵᠡᠢ ᠭᠡᠵᠦ ᠨᠡᠶᠢᠳᠡᠮ | ᠲᠤᠰᠬᠠᠵᠠᠭᠠᠪᠠ᠃ | ︽ᠪᠠᠭ᠎ᠠ ᠤᠭᠳᠤᠯᠤᠭᠠᠰᠤ︾ ᠶᠡᠭᠡ ᠬᠤᠪᠢᠷᠠᠯᠲᠠ ᠶᠢ ᠠᠪᠴᠢᠷᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠴᠣ ᠰᠢᠨ᠎ᠡ ᠪᠠᠶᠢᠳᠠᠯ ᠢᠶᠠᠷ ᠨᠡᠶᠢᠭᠡᠮ ᠤᠨ | ᠰᠤᠷᠲᠠᠯ ᠤᠨ ᠭᠦᠨᠵᠡᠭᠡᠶ ᠬᠤᠪᠢᠷᠠᠯᠲᠠ ᠶᠢ ᠬᠦᠰᠢᠵᠦ ᠬᠥᠳᠡᠯᠭᠡᠪᠡ — | 2025 ᠣᠨ ᠤ 3 ᠰᠠᠷ᠎ᠠ ᠶᠢᠨ 3 ᠤ ᠡᠳᠦᠷ᠂ ᠪᠡᠭᠡᠵᠢᠩ ᠤᠨ ᠵᠢᠩ ᠰᠢ ᠵᠣᠴᠢᠳ ᠤᠨ ᠪᠠᠭᠤᠳᠠᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠬᠤ ᠪᠠᠷ ᠢᠷᠡᠭᠰᠡᠨ ᠵᠢᠶᠠᠩᠰᠦ ᠶᠢᠨ ᠲᠥᠯᠥᠭᠡᠯᠡᠭᠴᠢᠳ ᠤᠨ | ᠪᠦᠯᠬᠦᠮ ᠢ ᠤᠭᠲᠤᠨ ᠠᠪᠴᠠᠢ᠃ | ︽ᠥᠷᠥᠭᠡᠨ ᠳᠡᠭᠡᠨ ᠤᠷᠤᠬᠤ ᠳᠤ ᠰᠢᠷᠡᠭᠡᠨ ᠳᠡᠭᠡᠷ᠎ᠡ ᠲᠠᠯᠪᠢᠭᠰᠠᠨ ︿ᠬᠤᠷᠠᠯ ᠤᠨ ᠰᠤᠷᠲᠠᠯ ᠢ ᠰᠠᠶᠢᠵᠢᠷᠠᠭᠤᠯᠵᠤ ᠬᠤᠷᠠᠯ ᠤᠨ ᠰᠠᠬᠢᠯᠭ᠎ᠠ ᠪᠠᠲᠤ ᠶᠢ | ᠴᠢᠩᠳᠠᠯᠠᠬᠤ ᠠᠵᠢᠯ ᠤᠨ ᠲᠦᠷᠢᠮ﹀ ᠣᠨᠴᠠᠭᠠᠢ ᠢᠯᠡ ᠲᠣᠳᠣ ᠬᠠᠷᠠᠭᠳᠠᠵᠤ᠂ ᠳᠡᠭᠡᠷᠡᠬᠢ ᠱᠠᠭᠠᠷᠳᠠᠯᠭ᠎ᠠ ᠨᠢ ᠲᠣᠳᠣᠷᠬᠠᠢ ᠪᠥᠭᠡᠳ ᠪᠣᠳᠠᠲᠠᠢ ᠪᠠᠶᠢᠯ᠎ᠠ︾᠃ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠩ ᠵᠤᠤ ᠯᠢ᠂ ᠬᠤᠷᠠᠯ ᠳᠤ ᠣᠷᠣᠯᠴᠠᠭᠰᠠᠨ ᠬᠤᠭᠤᠴᠠᠭᠠᠨ ᠳᠤ᠂ | ᠪᠣᠷᠣᠭᠵᠢᠭᠤᠨ ᠪᠣᠳᠠᠲᠠᠢ ᠶᠢ ᠡᠷᠬᠢᠮᠯᠡᠭᠰᠡᠨ ᠬᠤᠷᠠᠯ ᠤᠨ ᠰᠤᠷᠲᠠᠯ ᠨᠠᠳᠠ ᠳᠤ ᠭᠦᠨ ᠰᠠᠭᠤᠭᠳᠠᠯ ᠦᠯᠡᠳᠡᠭᠡᠵᠡᠢ ᠭᠡᠵᠦ ᠢᠯᠡᠳᠬᠡᠪᠡ᠃ | ᠪᠦᠬᠦ ᠤᠯᠤᠰ ᠤᠨ ᠬᠤᠶᠠᠷ ᠬᠤᠷᠠᠯ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠪᠠᠰᠠ ᠴᠤ | ᠨᠠᠮ ᠤᠨ ᠰᠤᠷᠲᠠᠯ ᠵᠠᠰᠠᠭ ᠤᠨ ᠰᠤᠷᠲᠠᠯ ᠢ ᠠᠵᠢᠭᠯᠠᠬᠤ ᠴᠢᠬᠤᠯᠠ ᠴᠣᠩᠬᠤᠪᠴᠢ ᠮᠥᠨ᠃ | ᠲᠥᠯᠥᠭᠡᠯᠡᠭᠴᠢᠳ ᠤᠨ ᠪᠦᠯᠬᠦᠮ ᠢ ᠤᠭᠲᠤᠨ ᠬᠦᠷᠭᠡᠬᠦ ᠶᠣᠰᠣᠯᠠᠯ ᠡᠷᠭᠢᠯᠡᠬᠦ ᠥᠬᠡᠶ᠂ ᠯᠤᠩᠬᠤ ᠲᠠᠢ ᠷᠠᠰᠢᠶᠠᠨ ᠤᠰᠤ ᠲᠠᠯᠪᠢᠬᠤ ᠭᠠᠵᠠᠷ ᠲᠤ ︽ᠤᠤᠭᠤᠬᠤ | ᠤᠰᠤ ᠶᠢ ᠠᠷᠪᠢᠯᠠᠬᠤ ᠠᠵᠢᠯᠯᠠᠭ᠎ᠠ︾ ᠶᠢᠨ ᠲᠡᠮᠳᠡᠭ ᠲᠠᠯᠪᠢᠵᠤ᠂ ︽ᠠᠷᠪᠢᠳᠠᠢ ᠬᠤᠭᠤᠯᠠᠯᠠᠬᠤ ᠠᠵᠢᠯᠯᠠᠭ᠎ᠠ︾ ᠶᠢ ᠰᠠᠨᠠᠭᠠᠴᠢᠯᠠᠨ᠂ ᠬᠡᠷ ᠦᠷᠦᠭᠡ ᠬᠡᠷᠡᠭᠯᠡᠬᠦ ᠲᠤᠭ᠎ᠠ | ᠬᠡᠮᠵᠢᠶ᠎ᠡ ᠶᠢ ᠪᠠᠭᠠᠰᠬᠠᠵᠤ᠂ ᠲᠡᠷᠭᠡ ᠬᠥᠰᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ ᠁ ᠪᠥᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠤ᠂ ᠠᠷᠪᠢᠯᠠᠨ ᠭᠠᠮᠨᠠᠬᠤ ᠰᠤᠷᠲᠠᠯ ᠭᠠᠵᠠᠷ ᠪᠣᠯᠭᠠᠨ ᠳᠤ ᠢᠯᠡᠷᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠤᠷᠠᠯ ᠤᠨ ᠰᠢᠨ᠎ᠡ | ᠰᠤᠷᠲᠠᠯ᠂ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠠᠢ᠃ | ᠰᠠᠶᠢᠨ ᠬᠤᠷᠠᠯ ᠤᠨ ᠰᠤᠷᠲᠠᠯ ᠨᠢ ᠰᠠᠶᠢᠨ ᠤᠪᠤᠷ ᠰᠤᠷᠲᠠᠯ ᠢ ᠲᠤᠰᠬᠠᠵᠤ᠂ ︽ᠰᠠᠶᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ︾ | ᠣᠶᠢᠯᠠᠭᠠᠭᠳᠠᠬᠤᠨ ᠬᠥᠮᠦᠰ ᠤᠨ ᠰᠡᠳᠭᠢᠯ ᠳᠤ ᠤᠯᠠᠮ ᠭᠦᠨ ᠬᠠᠳᠠᠩᠰᠢᠪᠠ᠃ | ︽ᠪᠠᠭ᠎ᠠ ᠬᠡᠮᠵᠢᠶᠡᠨ ᠤ ᠨᠣᠭᠤᠭ᠎ᠠ ᠨᠢ ᠨᠡᠩ ᠲᠣᠬᠢᠷᠠᠮᠵᠢᠲᠠᠶ︾᠂ ︽ᠦᠯᠡᠳᠡᠭᠰᠡᠨ ᠨᠣᠭᠤᠭ᠎ᠠ ᠪᠠᠨ ᠪᠠᠭᠯᠠᠭᠠᠳ ᠠᠪᠴᠤ ᠶᠠᠪᠤᠭᠠᠷᠠᠢ︾᠂ ᠬᠤᠭᠤᠯᠠᠨ | ᠭᠡᠷ ᠲᠠᠬᠢ ᠶᠠᠷᠢᠯᠴᠠᠭ᠎ᠠ ᠨᠢ ᠬᠡᠪ ᠰᠤᠷᠲᠠᠯ ᠤᠨ ᠬᠤᠪᠢᠷᠠᠯᠲᠠ ᠶᠢ ᠲᠤᠰᠬᠠᠵᠤ ᠪᠠᠶᠢᠨ᠎ᠠ︔ ᠶᠧᠪᠡᠩ᠂ ᠲᠣᠮᠣ ᠨᠠᠢᠮᠠᠯᠵᠢ ᠵᠡᠷᠭᠡ ︽ᠲᠩᠷᠢ ᠶᠢᠨ ᠦᠨ᠎ᠡ︾ ᠳᠤᠯᠤᠭᠰᠠᠨ | ᠢᠳᠡᠭᠡᠨ ᠨᠢ ︽ᠠᠷᠠᠳ ᠤᠯᠠᠨ ᠬᠦᠯᠢᠶᠡᠨ ᠠᠪᠴᠤ ᠳᠡᠶᠢᠯᠬᠦ︾ ᠦᠨ᠎ᠡ ᠬᠠᠩᠰᠢ ᠶᠢᠨ ᠱᠤᠭᠤᠮ ᠳᠠᠭᠠᠨ ᠪᠤᠴᠠᠪᠠ︔ ᠬᠤᠷᠢᠮ ᠤᠨ ᠶᠠᠪᠤᠳᠠᠯ ᠢ ᠰᠢᠨ᠎ᠡ ᠮᠠᠶ᠋ᠢᠭ ᠢᠶᠠᠷ | ᠬᠢᠵᠦ᠂ ᠣᠷᠣᠰᠢᠭᠤᠯᠭ᠎ᠠ ᠶᠢᠨ ᠶᠠᠪᠤᠳᠠᠯ ᠢ ᠳᠥᠭᠦᠮ ᠢᠶᠠᠷ ᠬᠢᠬᠦ ᠶᠢ ᠤᠯᠠᠮ ᠠᠴᠠ ᠣᠯᠠᠨ ᠬᠥᠮᠦᠨ ᠬᠦᠯᠢᠶᠡᠨ ᠠᠪᠬᠤ ᠪᠣᠯᠵᠠᠶ︔ ᠴᠥᠭᠡᠨ ᠪᠤᠰᠤ ᠬᠥᠮᠦᠰ ︽ | ᠥᠩᠭᠡᠷᠡᠭᠰᠡᠨ ᠳᠤ ᠬᠡᠨ ᠤ ᠲᠡᠷᠭᠡ ᠰᠠᠶᠢᠨ ᠭᠡᠳᠡᠭ ᠢ ᠠᠳᠠᠯᠢᠳᠬᠠᠳᠠᠭ ᠪᠠᠶᠢᠪᠠ᠂ ᠣᠳᠣ ᠬᠡᠨ ᠨᠢ ᠡᠳᠦᠷ ᠲᠤ ᠨᠡᠩ ᠤᠯᠠᠨ ᠠᠯᠬᠤᠭᠰᠠᠨ ᠪᠤᠢ ᠭᠡᠳᠡᠭ ᠢᠶᠠᠨ | ᠠᠳᠠᠯᠢᠳᠬᠠᠬᠤ ᠪᠤᠯᠤᠯ᠎ᠠ︾ ᠭᠡᠵᠡᠭᠡᠨ᠎ᠡ ᠁ | ᠨᠠᠢᠮᠠᠨ ᠲᠣᠭᠲᠠᠭᠠᠯ ᠤᠨ ᠠᠪᠴᠢᠷᠠᠭᠰᠠᠨ ᠰᠤᠷᠲᠠᠯ ᠤᠨ ᠬᠤᠪᠢᠷᠠᠯᠲᠠ ᠨᠢ ᠳᠤᠮᠳᠠᠳᠤ ᠤᠯᠤᠰ ᠤᠨ ᠬᠥᠮᠦᠨ ᠤ ᠠᠮᠢᠳᠤᠷᠠᠯ ᠢ ᠪᠣᠳᠠᠲᠠᠶ ᠪᠥᠭᠡᠳ ᠭᠦᠨᠵᠡᠭᠡᠶ | ᠨᠥᠯᠥᠭᠡᠯᠡᠵᠦ ᠪᠠᠶᠢᠨ᠎ᠠ᠃ | ᠦᠨᠳᠦᠰᠦᠨ ᠱᠠᠲᠤᠨ ᠤ ᠺᠠᠳ᠋ᠷ ᠤᠨ ︽ᠳᠠᠷᠤᠭᠠᠰᠤ︾ ᠶᠢ ᠬᠦᠩᠭᠡᠷᠡᠬᠦᠯᠬᠦ ᠨᠢ ︽ᠳᠤᠮᠳᠠᠳᠤ ᠤᠯᠤᠰ ᠤᠨ ᠵᠠᠰᠠᠯᠲᠠ︾ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ — | 2024 ᠣᠨ ᠤ ᠨᠠᠮᠤᠷ᠂ ᠶᠡᠷᠦᠩᠬᠡᠢ ᠱᠦᠵᠢ ᠰᠢ ᠶᠢᠨ ᠫᠢᠩ ᠡᠮᠦᠨᠡᠰᠢ ᠬᠤᠪᠸᠢ ᠳᠤ ᠬᠦᠷᠪᠡ᠃ ᠰᠢᠶᠠᠨ ᠨᠢᠩ ᠬᠤᠲᠠ ᠶᠢᠨ ᠵᠢᠶᠠ ᠢᠦᠶ ᠰᠢᠶᠠᠨ ᠤ ᠫᠠᠨ | ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠶᠠᠭᠠᠨ ᠳᠡᠭᠡᠷ᠎ᠡ ᠨᠠᠭᠠᠭᠰᠠᠨ ︽ᠣᠯᠠᠨ | ᠲᠦᠮᠡᠨ ᠳᠤ ᠦᠢᠯᠡᠴᠢᠯᠡᠬᠦ ᠵᠦᠢᠯᠡᠰ ᠤᠨ ᠨᠠᠷᠢᠨ ᠳᠠᠩᠰᠠ︾ ᠨᠢ ᠶᠡᠷᠦᠩᠬᠡᠶ ᠱᠦᠵᠢ ᠶᠢᠨ ᠠᠩᠬᠠᠷᠤᠯ ᠢ ᠲᠠᠲᠠᠪᠠ᠃ | ︽ᠥᠩᠭᠡᠷᠡᠭᠰᠡᠨ ᠳᠤ ᠤᠯᠠᠨ ᠲᠦᠮᠡᠨ ᠠᠵᠢᠯ ᠶᠠᠪᠤᠳᠠᠯ ᠬᠢᠬᠦ ᠶᠢ ᠱᠠᠭᠠᠷᠳᠠᠵᠤ ᠪᠠᠶᠢᠵᠠᠢ᠂ ᠤᠳᠤ ᠨᠠᠮ ᠤᠨ ᠭᠡᠰᠢᠭᠦᠨ ᠺᠠᠳ᠋ᠷ ᠠᠴᠠ ᠤᠯᠠᠨ ᠲᠦᠮᠡᠨ ᠳᠤ ᠠᠵᠢᠯ | ᠶᠠᠪᠤᠳᠠᠯ ᠬᠢᠵᠦ ᠥᠭᠴᠦ᠂ ᠦᠢᠯᠡᠴᠢᠯᠡᠵᠦ ᠪᠠᠶᠢᠨ᠎ᠠ᠂ ᠡᠨᠡ ᠪᠣᠯ ᠦᠨᠳᠦᠰᠦᠨ ᠬᠤᠪᠢᠷᠠᠯᠲᠠ ᠪᠣᠯᠤᠨ᠎ᠠ︾᠃ ᠶᠡᠷᠦᠩᠬᠡᠶ ᠱᠦᠵᠢ ᠰᠢ ᠶᠢᠨ ᠫᠢᠩ᠄ ︽ᠦᠨᠳᠦᠰᠦᠨ | ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠠᠩ ᠣᠯᠠᠨ ᠴᠠᠭ ᠪᠠ ᠣᠶᠤᠨ ᠴᠢᠳᠠᠯ ᠢᠶᠠᠨ ᠣᠯᠠᠨ | ᠲᠦᠮᠡᠨ ᠳᠤ ᠵᠤᠷᠢᠭᠤᠯᠵᠤ ᠦᠢᠯᠡᠴᠢᠯᠡᠵᠦ ᠳᠡᠶᠢᠯᠬᠦ ᠪᠤᠯᠭᠠᠬᠤ ᠬᠡᠷᠡᠭᠲᠡᠶ︾ ᠭᠡᠪᠡ᠃ | ᠭᠠᠭᠴᠠ ᠬᠦ ᠬᠥᠩᠭᠡᠷᠡᠭᠦᠯᠬᠦ ᠶᠣᠰᠣᠲᠠᠢ ᠳᠠᠷᠤᠭᠠᠰᠤ ᠶᠢ ᠳᠠᠶᠠᠭᠳᠠᠪᠠᠯ ᠰᠠᠶ᠋ᠢ ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠴᠢᠳᠠᠨ᠎ᠠ᠃ | | ᠡᠭᠦᠨ ᠢ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠳᠣᠲᠣᠭᠠᠳᠤ ᠳᠤ ᠰᠢᠨᠵᠢᠯᠡᠨ | ᠪᠠᠶᠢᠴᠠᠭᠠᠬᠤ ᠳᠠᠭᠠᠨ ᠤᠯᠠᠨ ᠤᠳᠠᠭ᠎ᠠ ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠤ ᠬᠦᠷᠴᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠷᠭ᠎ᠠ | ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠪᠠᠶᠢᠨ᠎ᠠ᠃ | ᠴᠦᠩᠴᠢᠩ ᠳᠤ ᠨᠡᠶᠢᠭᠡᠮ ᠲᠣᠭᠤᠷᠢᠭ ᠤᠨ ᠮᠡᠳᠡᠭᠦᠯᠦᠯᠲᠡ ᠶᠢᠨ ᠬᠦᠰᠦᠨᠦᠭᠲᠦ ᠶᠢ ᠦᠵᠡᠵᠦ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ | ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠂ ᠶᠠᠮᠠᠷ ᠶᠠᠪᠤᠳᠠᠯ ᠢ ᠴᠤ ᠦᠨᠳᠦᠰᠦᠨ ᠱᠠᠲᠤᠨ ᠳᠤ ᠲᠤᠯᠭᠠᠵᠤ ᠪᠣᠯᠬᠤ ᠦᠭᠡᠢ︾ ᠭᠡᠵᠦ ᠭᠦᠨᠵᠡᠭᠡᠢ ᠵᠢᠭᠠᠵᠤ | ᠭᠠᠷᠭᠠᠪᠠ︔ ᠬᠥᠬᠡᠨᠠᠭᠤᠷ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠠᠷᠢᠬᠤ ᠳᠠᠭᠠᠨ᠂ ︽ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ︾ ᠭᠡᠵᠦ ᠲᠥᠪ ᠴᠢᠩᠭ᠎ᠠ ᠪᠠᠷ ᠴᠢᠬᠤᠯᠠᠴᠢᠯᠠᠪᠠ︔ | ᠭᠠᠨᠰᠦ ᠳᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠠᠰᠠᠭᠤᠵᠤ᠂ ︽ᠬᠡᠷᠡᠭᠴᠡᠭᠡ ᠲᠠᠢ ᠠᠵᠢᠯ ᠢ ᠰᠠᠶᠢᠲᠤᠷ ᠬᠢᠵᠦ᠂ ᠬᠡᠷᠡᠭ ᠥᠬᠡᠶ ᠠᠵᠢᠯ ᠢ | ᠳᠤᠲᠠᠭᠤ ᠬᠢᠬᠦ ᠳᠤ ᠳᠡᠭᠡᠳᠦ ᠳᠤᠤᠷᠠᠳᠤ ᠱᠠᠳᠤᠨ ᠤ ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠬᠤ ᠬᠡᠷᠡᠭᠲᠡᠶ︾ ᠭᠡᠵᠦ ᠳᠤᠳᠤᠷᠬᠠᠢ ᠳᠤᠷᠠᠳᠪᠠ ᠁ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠯᠤᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠨᠠᠮ ᠢ ᠳᠠᠭᠠᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠺᠠᠳ᠋ᠷᠴᠤᠳ ᠤᠨ ᠠᠷᠠᠳ ᠲᠦᠮᠡᠨ ᠳᠤ | ᠦᠢᠯᠡᠴᠢᠯᠡᠬᠦ ᠶᠢ ᠵᠣᠷᠢᠭᠵᠢᠭᠤᠯᠬᠤ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠪᠠ᠃ | ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠢ ᠲᠣᠭᠲᠠᠭᠠᠬᠤ ᠠᠴᠠ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠳᠠᠷᠤᠮᠠᠯᠯᠠᠨ ᠲᠠᠷᠬᠠᠭᠠᠬᠤ ᠬᠦᠷᠲᠡᠯ᠎ᠡ᠂ ᠲᠥᠪ ᠠᠴᠠ ᠠᠯᠢ ᠣᠯᠠᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠵᠦ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠴᠢᠳᠠᠯ ᠤᠯᠭᠤᠵᠤ ᠦᠷ᠎ᠡ ᠪᠦᠳᠦᠮᠵᠢ ᠨᠡᠮᠡᠷᠢᠯᠡᠪᠡ᠃ ︽ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ︾᠂ ︽ᠨᠢᠭᠡ ᠬᠦᠰᠦᠨᠦᠭᠲᠦ ᠶᠢ ᠬᠠᠮᠲᠤ ᠪᠠᠷ ᠡᠳ᠋ᠯᠡᠬᠦ︾ ᠥᠭᠡᠷᠡᠴᠢᠯᠡᠯᠲᠡ ᠶᠢ ᠥᠷᠨᠢᠭᠦᠯᠬᠦ ᠠᠴᠠ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ︽ᠱᠦᠭᠯᠦ ᠦᠯᠢᠶᠡᠵᠦ︾ ᠲᠣᠬᠢᠷᠠᠭᠤᠯᠬᠤ ᠡᠷᠬᠡ᠂ ᠰᠢᠯᠭᠠᠨ ᠬᠢᠨᠠᠵᠤ ᠦᠨᠡᠯᠡᠬᠦ ᠡᠷᠬᠡ᠂ ᠠᠵᠢᠯᠲᠠᠨ ᠤ ᠶᠠᠪᠤᠳᠠᠯ ᠤᠨ ᠰᠠᠨᠠᠭᠤᠯᠭ᠎ᠠ ᠳᠤᠷᠠᠳᠬᠤ ᠡᠷᠬᠡ ᠵᠡᠷᠭᠡ ᠶᠢ | ᠪᠣᠳᠠᠲᠠᠶᠢᠵᠢᠭᠤᠯᠬᠤ ᠬᠦᠷᠲᠡᠯ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠥᠷᠭᠡᠨ ᠣᠯᠠᠨ | ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠪᠠ᠃ | ᠨᠢᠭᠡ ᠪᠦᠯᠦᠭ ᠬᠠᠮᠤᠭ ᠤᠨ ᠰᠢᠨ᠎ᠡ ᠲᠤᠭ᠎ᠠ ᠪᠠᠷᠢᠮᠲᠠ ᠪᠤᠯ ᠶᠠᠭ ᠬᠤᠪᠢᠷᠠᠯᠲᠠ ᠶᠢᠨ ᠠᠮᠢᠳᠤᠯᠢᠭ ᠵᠢᠷᠤᠭᠯᠠᠯ ᠮᠦᠨ᠄ | ᠦᠨᠳᠦᠰᠦᠨ ᠱᠠᠲᠤᠨ ᠤ ︽ᠳᠤᠷ᠎ᠠ ᠪᠠᠷ ᠢᠶᠠᠨ ᠫᠠᠶᠢᠰᠠ ᠡᠯᠭᠦᠬᠦ︾ ᠠᠰᠠᠭᠤᠳᠠᠯ ᠢ ᠴᠡᠭᠴᠡᠯᠡᠨ ᠵᠠᠰᠠᠵᠤ᠂ ᠲᠣᠰᠬᠤᠨ ︵ᠨᠡᠶᠢᠭᠡᠮ ᠲᠣᠭᠤᠷᠢᠭ︶ ᠤ ᠠᠵᠢᠯᠯᠠᠬᠤ | ᠭᠠᠵᠠᠷ ᠤᠨ ᠭᠠᠳᠠᠨᠠᠬᠢ ᠡᠯ᠎ᠡ ᠲᠥᠷᠥᠯ ᠤᠨ ᠫᠠᠶᠢᠰᠠ ᠶᠢ 4 ᠠᠴᠠ 6 ᠬᠡᠰᠡᠭ ᠪᠣᠯᠭᠠᠨ ᠵᠢᠷᠤᠮᠵᠢᠭᠤᠯᠪᠠ︔ | ᠮᠤᠵᠢ ᠶᠠᠮᠤᠨ ᠤ ᠲᠠᠰ ᠤᠨ ᠨᠠᠮ ᠵᠠᠰᠠᠭ ᠤᠨ ᠪᠠᠶᠢᠭᠤᠯᠭ᠎ᠠ ᠶᠢᠨ ᠨᠡᠷ᠎ᠡ ᠪᠠᠷ ᠡᠷᠭᠢᠯᠡᠭᠰᠡᠨ ᠪᠠᠶᠠᠷ ᠳᠤᠷᠠᠰᠬᠠᠯ᠂ ᠦᠵᠡᠰᠭᠦᠯᠡᠩ᠂ ᠶᠠᠷᠢᠶᠠᠨ ᠤ ᠲᠠᠪᠴᠠᠩ ᠤᠨ | ᠠᠵᠢᠯᠯᠠᠭ᠎ᠠ ᠶᠢᠨ ᠲᠤᠭ᠎ᠠ ᠬᠡᠮᠵᠢᠶ᠎ᠡ ᠶᠢ ᠲᠣᠰ ᠲᠣᠰ 46.3%᠂ 65.2%᠂ 48.3% ᠪᠠᠷ ᠪᠠᠭᠠᠰᠬᠠᠪᠠ︔ | ᠁ | ᠣᠳᠣᠬᠠᠨ ᠳᠤ᠂ ᠤᠯᠠᠮ ᠠᠴᠠ ᠤᠯᠠᠨ ᠦᠨᠳᠦᠰᠦᠨ ᠱᠠᠲᠤᠨ ᠤ ᠺᠠᠳ᠋ᠷ ᠪᠠᠶᠢᠭᠤᠯᠭ᠎ᠠ ᠠᠴᠠ ᠪᠠᠨ ᠭᠠᠷᠴᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ | ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠬᠦᠴᠢᠷᠳᠡᠯ ᠢ ᠡᠮᠦᠨ᠎ᠡ ᠹᠷᠣᠨᠲ ᠲᠤ ᠰᠢᠢᠳᠪᠦᠷᠢᠯᠡᠵᠦ᠂ ᠦᠨᠳᠦᠰᠦᠨ | ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠬᠤ ᠶᠢ ᠠᠬᠢᠭᠤᠯᠵᠤ ᠪᠠᠶᠢᠨ᠎ᠠ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡᠨ ᠤᠳᠠᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ ᠤᠳᠠᠭᠠᠨ ᠳᠠᠭᠠᠭᠠᠮᠠᠭᠠᠢ ᠲᠠᠶᠢᠨ | ᠮᠥᠨ᠃ | ᠣᠳᠣᠬᠠᠨ ᠳᠤ᠂ ︽ᠨᠠᠶᠢᠷ ᠲᠠᠯ᠎ᠠ ᠶᠢᠨ ᠨᠡᠶᠢᠭᠡᠮ︾᠂ ︽ᠨᠢᠭᠤᠷ ᠲᠠᠯ᠎ᠠ ᠶᠢᠨ ᠰᠣᠶᠣᠯ︾ ᠤᠨ ᠳᠠᠳᠬᠠᠯ ᠬᠠᠷᠠᠬᠠᠨ ᠣᠷᠣᠰᠢᠭᠰᠠᠭᠠᠷ ᠪᠠᠶᠢᠵᠤ᠂ ᠵᠠᠷᠢᠮ | ︽ᠨᠣᠶᠠᠳ ᠤᠨ ᠳᠠᠪᠬᠤᠷᠭ᠎ᠠ ᠶᠢᠨ ᠨᠢᠭᠤᠴᠠᠭᠠᠢ ᠳᠦᠷᠢᠮ︾ ᠤᠨ ᠢᠨᠧᠷᠼᠢ ᠮᠥᠨ ᠯᠡ ᠣᠷᠣᠰᠢᠭᠰᠠᠭᠠᠷ ᠪᠠᠶᠢᠨ᠎ᠠ᠂ ᠵᠠᠷᠢᠮ ᠭᠠᠵᠠᠷ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠳᠤ ︽ᠨᠢᠭᠡ ᠯᠡ ᠠᠳᠠᠯᠢ ᠪᠠᠷ ᠱᠠᠭᠠᠷᠳᠠᠬᠤ︾᠂ ︽ᠦᠭᠡᠷᠡᠳᠦᠬᠦᠯᠦᠨ ᠬᠤᠪᠢᠷᠠᠭᠤᠯᠬᠤ︾ ᠠᠴᠠ ᠪᠣᠯᠵᠣ ᠰᠢᠨ᠎ᠡ ᠠᠰᠠᠭᠤᠳᠠᠯ ᠡᠭᠦᠰᠭᠡᠵᠦ ᠪᠠᠶᠢᠨ᠎ᠠ᠂ | ︽ᠳᠥᠷᠪᠡᠨ ᠰᠤᠷᠲᠠᠯ︾ ᠪᠠ ᠢᠯᠵᠢᠷᠠᠯ ᠢ ᠪᠣᠶ ᠪᠣᠯᠭᠠᠬᠤ ᠨᠡᠶᠢᠭᠡᠮ ᠤᠨ ᠰᠣᠶᠣᠯ ᠤᠨ ᠬᠥᠷᠥᠰᠥ ᠰᠢᠷᠣᠶ ᠶᠢ ᠦᠨᠳᠦᠰᠦ ᠠᠴᠠ ᠨᠢ ᠠᠷᠢᠯᠭᠠᠭᠠᠳᠤᠶ᠂ ᠰᠤᠷᠲᠠᠯ ᠢ | ᠰᠠᠶᠢᠵᠢᠷᠠᠭᠤᠯᠬᠤ ᠳᠤ ᠬᠠᠷᠰᠢ ᠰᠠᠭᠠᠳ ᠣᠷᠣᠰᠢᠵᠤ ᠪᠠᠶᠢᠬᠤ ᠪᠥᠭᠡᠳ ᠣᠷᠳᠣ ᠬᠤᠭᠤᠴᠠᠭ᠎ᠠ ᠪᠠᠷ ᠵᠢᠳᠬᠦᠨ ᠴᠢᠷᠮᠠᠶᠢᠬᠤ ᠴᠢᠬᠤᠯᠠᠲᠠᠶ ᠪᠠᠶᠢᠨ᠎ᠠ᠃ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠡᠭᠦᠰᠦᠭᠡᠳ ᠨᠢᠭᠡ ᠯᠡ ᠭᠠᠷᠠᠭ ᠪᠤᠯᠤᠮᠠᠭᠴᠠ᠂ 3 ᠰᠠᠷ᠎ᠠ ᠶᠢᠨ 17 ᠠᠴᠠ 20 ᠤ ᠡᠳᠦᠷ ᠪᠣᠯᠲᠠᠯ᠎ᠠ᠂ | ᠶᠡᠷᠦᠩᠬᠡᠢ ᠱᠦᠵᠢ ᠰᠢ ᠶᠢᠨ ᠫᠢᠩ ᠭᠦᠢᠵᠧᠦ᠂ ᠶᠦᠨᠨᠠᠨ ᠬᠤᠶᠠᠷ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | ᠭᠦᠢᠵᠧᠦ ᠳᠤ᠂ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ᠂ | ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠬᠦᠯᠬᠦ᠂ ᠳᠠᠳᠬᠠᠯ ᠪᠦᠷᠢᠯᠳᠦᠭᠦᠯᠬᠦ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ ᠨᠢᠭᠡᠳᠭᠡᠨ ᠬᠦᠴᠦ ᠪᠠᠨ | ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ︾᠂ ︽ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠬᠡᠷᠡᠭᠲᠡᠢ︾ ᠭᠡᠵᠦ | ᠴᠢᠬᠤᠯᠠᠴᠢᠯᠠᠪᠠ︔ | ᠶᠦᠨᠨᠠᠨ ᠳᠤ᠂ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ | ᠬᠥᠮᠦᠵᠢᠯ ᠤᠨ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠭᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ | ᠪᠠᠶᠢᠭᠤᠯᠤᠯᠲᠠ ᠶᠢ ᠠᠳᠬᠤᠭᠰᠠᠨ ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡᠷᠭᠡᠢ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ | ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ | ᠲᠠᠯᠪᠢᠬᠤ ᠬᠡᠷᠡᠭᠲᠡᠢ︾ ᠭᠡᠵᠦ ᠱᠠᠭᠠᠷᠳᠠᠪᠠ᠁ | ᠰᠠᠶ᠋ᠢᠬᠠᠨ ᠡᠬᠢᠯᠡᠭᠦᠯᠦᠭᠰᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠲᠣᠳᠣᠷᠬᠠᠢ ᠭᠤᠣᠯᠳᠠᠯᠭ᠎ᠠ ᠶᠢ ᠲᠣᠭᠲᠠᠭᠠᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ | ᠬᠢᠬᠦ ᠢᠯᠡ ᠲᠣᠳᠣ ᠲᠤᠬᠢᠶ᠎ᠠ ᠶᠢ ᠳᠠᠮᠵᠢᠭᠤᠯᠪᠠ᠃ | ᠰᠦᠷᠯᠢᠭ ᠪᠣᠭᠤᠮᠲᠠ ᠶᠢ ᠲᠡᠮᠦᠷ ᠮᠡᠲᠦ ᠬᠠᠳᠠᠭᠤ ᠬᠡᠮᠡᠨ ᠪᠢᠲᠡᠭᠡᠢ ᠬᠡᠯᠡᠭᠲᠦᠨ᠂ ᠰᠦᠷᠳᠦ ᠠᠯᠬᠤᠭ᠎ᠠ ᠪᠠᠷ ᠡᠳᠦᠭᠡ ᠪᠢᠳᠡ ᠳᠡᠭᠡᠭᠦᠷ ᠢᠨᠤ ᠳᠠᠪᠠᠮᠤᠢ᠃ ᠰᠢ | ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠡᠪ ᠬᠠᠮᠲᠤᠴᠤᠳ ᠲᠥᠪ ᠴᠢᠩᠭ᠎ᠠ ᠪᠠᠷ ᠳᠤᠩᠬᠠᠭᠯᠠᠪᠠ — | ᠨᠠᠢᠮᠠᠨ ᠲᠣᠭᠲᠠᠭᠠᠯ ᠨᠢᠭᠡᠨᠲᠡ ᠳᠤᠮᠳᠠᠳᠤ ᠤᠯᠤᠰ ᠢ ᠭᠦᠨᠵᠡᠭᠡᠶ ᠬᠤᠪᠢᠷᠠᠭᠤᠯᠵᠤ᠂ ᠨᠠᠢᠮᠠᠨ ᠲᠣᠭᠲᠠᠭᠠᠯ ᠪᠠᠰᠠ ᠳᠤᠮᠳᠠᠳᠤ ᠤᠯᠤᠰ ᠢ ᠦᠷᠭᠦᠯᠵᠢᠯᠡᠨ | ᠬᠤᠪᠢᠷᠠᠭᠤᠯᠬᠤ ᠪᠣᠯᠤᠨ᠎ᠠ︕ | | | | | | | |