ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/3/31
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠼᠦᠢ ᠵᠧᠨ ᠦ᠋ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠶ ᠦᠷᠨᠢᠭᠦᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠭᠢᠯᠡᠪᠡ᠃      ᠨᠣᠮ ᠤᠩᠰᠢᠬᠤ ᠠᠩᠭᠢ ᠶᠢ ᠲᠦᠪᠯᠡᠷᠡᠭᠦᠯᠵᠦ ᠳᠠᠭᠠᠭᠤᠯᠤᠨ ᠰᠤᠷᠤᠯᠴᠠᠬᠤ ᠥᠪᠡᠷ ᠢᠶᠠᠨ ᠰᠤᠷᠤᠯᠴᠠᠬᠤ ᠪᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ᠃ ᠲᠥᠪ ᠤᠨ ᠨᠠᠮ ᠤᠨ ᠰᠤᠷᠭᠠᠭᠤᠯᠢ ᠶᠢᠨ ᠫᠷᠣᠹᠧᠰᠰᠣᠷ ᠯᠢ ᠵᠢᠶᠦ᠋ᠨ ᠸᠧᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃      ᠪᠣᠣ ᠭᠠᠩ ᠬᠡᠯᠡᠬᠦ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠢᠲᠡᠭᠡᠯ ᠢ ᠪᠠᠲᠤᠳᠬᠠᠬᠤ ᠠᠷᠭ᠎ᠠ ᠬᠡᠮᠵᠢᠶ᠎ᠡ ᠪᠤᠯᠭᠠᠵᠤ᠂ ᠰᠢᠨ᠎ᠡ ᠪᠠᠶᠢᠳᠠᠯ ᠳᠣᠣᠷᠠᠬᠢ ᠰᠤᠷᠲᠠᠯ ᠤᠨ ᠪᠠᠶᠢᠭᠤᠯᠤᠯᠲᠠ ᠶᠢᠨ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ ᠭᠠᠷᠭᠠᠵᠠᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠨᠢ ᠮᠠᠨ ᠤ ᠨᠠᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ᠂ ᠮᠥᠩᠬᠡ ᠶᠢᠨ ᠰᠡᠳᠦᠪ ᠪᠤᠯᠭᠠᠬᠤ ᠳᠡᠭᠡᠳᠦ ᠬᠡᠮᠵᠢᠶᠡᠨ ᠤ ᠤᠬᠠᠮᠰᠠᠷ ᠢ ᠢᠯᠡᠷᠡᠭᠦᠯᠵᠦ᠂ ᠪᠦᠬᠦ ᠨᠠᠮ ᠳᠤ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠭᠡᠳᠡᠭ ᠢ ᠳᠠᠬᠢᠨᠲᠠ ᠲᠤᠩᠬᠠᠭᠯᠠᠪᠠ᠃ ᠪᠢᠳᠡ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠠᠰᠤ ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠵᠠᠯᠠᠷᠠᠭᠤᠯᠤᠯᠲᠠ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢᠶᠠᠷ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠮᠥᠭᠡ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭᠠᠨ ᠤ ᠤᠯᠠᠭᠠᠨ ᠱᠤᠭᠤᠮ ᠢ ᠲᠣᠭᠲᠠᠭᠠᠵᠤ᠂ ᠦᠢᠯᠡ ᠠᠵᠢᠯᠯᠠᠭ᠎ᠠ ᠶᠢᠨ ᠵᠠᠭᠠᠭ ᠱᠤᠭᠤᠮ ᠢ ᠲᠣᠳᠣᠷᠬᠠᠶᠢᠯᠠᠵᠤ᠂ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠦᠰ ᠢ ᠬᠥᠮᠦᠵᠢᠭᠦᠯᠵᠦ᠂ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢᠶᠠᠷ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠢᠭᠡᠳ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠲᠠᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠤ ᠣᠷᠤᠯᠴᠠᠯᠭ᠎ᠠ ᠶᠢ ᠴᠢᠩᠭᠠᠳᠬᠠᠨ᠂ ᠤᠯᠠᠨ ᠲᠦᠮᠡᠨ ᠤ ᠬᠢᠨᠠᠯᠲᠠ ᠶᠢ ᠴᠢᠬᠤᠯᠠᠴᠢᠯᠠᠵᠤ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ        ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢᠶᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠢᠭᠡᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ︽ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ︾ ᠲᠤᠰᠬᠠᠢ ᠠᠵᠢᠯ ᠢ ᠭᠦᠨᠵᠡᠭᠡᠢ ᠥᠷᠨᠢᠭᠦᠯᠵᠦ᠂ ᠴᠢᠩᠭ᠎ᠠ ᠬᠦᠴᠦᠲᠡᠢ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠲᠠᠢ ᠬᠠᠷᠢᠴᠠᠭᠤᠯᠤᠨ ᠲᠦᠷᠦᠭᠦᠯᠡᠨ ᠰᠤᠷᠤᠯᠴᠠᠵᠤ᠂ ᠲᠦᠷᠦᠭᠦᠯᠡᠨ ᠪᠠᠶᠢᠴᠠᠭᠠᠵᠤ᠂ ᠲᠦᠷᠦᠭᠦᠯᠡᠨ ᠵᠠᠯᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠨᠣᠮ ᠤᠩᠰᠢᠬᠤ ᠠᠩᠭᠢ ᠳᠤ ᠣᠷᠣᠯᠴᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ