ᠬᠥᠬᠡᠬᠤᠲᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/3/31
      ︵ᠰᠤᠷᠪᠤᠯᠵᠢᠯᠠᠭᠴᠢ ᠠᠷᠢᠭᠤᠨ᠎ᠠ︶ ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠰᠤᠷᠲᠠᠯ ᠤᠨ ᠪᠠᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠪᠦᠬᠦ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠡᠭᠢᠯᠡᠯᠲᠡ ᠤᠷᠤᠭᠰᠢᠲᠠᠢ ᠭᠠᠷᠤᠭ᠎ᠠ ᠰᠠᠶᠢᠲᠠᠢ ᠪᠠᠶᠢᠬᠤ ᠶᠢ ᠠᠬᠢᠭᠤᠯᠪᠠ᠃      ᠬᠤᠲᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ ᠲᠣᠬᠢᠷᠠᠭᠤᠯᠤᠨ ᠪᠠᠶᠢᠷᠢᠯᠠᠭᠤᠯᠪᠠ᠃ 3 ᠳ᠋ᠤᠭᠠᠷ ᠰᠠᠷ᠎ᠠ ᠶᠢᠨ 17 ᠤ ᠡᠳᠦᠷ᠂ ᠪᠣᠣ ᠭᠠᠩ ᠱᠦᠵᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠰᠤᠷᠤᠯᠴᠠᠯᠭ᠎ᠠ ᠬᠥᠮᠦᠵᠢᠯ ᠤᠨ ︽ᠠᠵᠢᠯ ᠤᠨ ᠲᠥᠰᠥᠯ︾ ᠢ ᠬᠢᠨᠠᠨ ᠲᠣᠭᠲᠠᠭᠠᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠲᠦᠷᠦᠭᠦᠯᠡᠨ ᠳᠠᠭᠤᠷᠢᠶᠠᠯ ᠦᠵᠡᠭᠦᠯᠵᠦ᠂ ᠪᠠᠶᠢᠩᠭᠤ ᠶᠢᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ︽ᠠᠵᠢᠯ ᠤᠨ ᠲᠥᠰᠦᠯ︾ ᠢ ᠨᠠᠷᠢᠨ ᠨᠢᠮᠪᠠᠶ ᠲᠣᠭᠲᠠᠭᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠭᠦᠨᠵᠡᠭᠡᠶ ᠰᠤᠷᠤᠯᠴᠠᠵᠤ ᠰᠤᠳᠤᠯᠤᠨ ᠶᠠᠷᠢᠯᠴᠠᠬᠤ᠂ ᠲᠦᠷᠦᠭᠦᠯᠡᠨ ᠵᠢᠱᠢᠶ᠎ᠡ ᠦᠵᠡᠭᠦᠯᠵᠦ ᠠᠰᠠᠭᠤᠳᠠᠯ ᠢ ᠴᠢᠩᠭ᠎ᠠ ᠪᠠᠶᠢᠴᠠᠭᠠᠬᠤ᠂ ᠭᠤᠤᠯᠳᠠᠯᠭ᠎ᠠ ᠶᠢ ᠳᠣᠪᠤᠶᠢᠯᠭᠠᠨ ᠲᠥᠪᠯᠡᠷᠡᠭᠦᠯᠦᠨ ᠵᠠᠰᠠᠬᠤ ᠶᠢ ᠪᠣᠳᠠᠲᠠᠶ ᠠᠳᠬᠤᠬᠤ᠂ ᠲᠦᠷᠢᠮ ᠲᠣᠭᠲᠠᠭᠠᠯ ᠲᠣᠭᠲᠠᠭᠠᠨ ᠣᠷᠳᠣ ᠬᠤᠭᠤᠴᠠᠭ᠎ᠠ ᠪᠦᠲᠦᠮᠵᠢᠲᠡᠶ  ᠪᠠᠶᠢᠬᠤ ᠶᠢ ᠠᠬᠢᠭᠤᠯᠬᠤ ᠵᠡᠷᠭᠡ 4 ᠲᠠᠯ᠎ᠠ 12 ᠵᠦᠢᠯ ᠤᠨ ᠪᠣᠳᠠᠲᠠᠶ ᠡᠭᠦᠷᠭᠡ ᠶᠢ ᠳᠤᠷᠠᠳᠴᠤ᠂ ᠴᠠᠭ ᠤᠨ ᠠᠬᠢᠴᠠ ᠪᠠᠷ ᠠᠵᠢᠯ ᠤᠨ ᠲᠣᠬᠢᠷᠠᠭᠤᠯᠤᠯᠲᠠ ᠶᠢᠨ ᠬᠦᠰᠦᠨᠦᠭᠲᠦ ᠶᠢ ᠲᠣᠭᠲᠠᠭᠠᠨ᠂ ᠪᠥᠬᠦ ᠬᠤᠲᠠ ᠶᠢᠨ ᠡᠯ᠎ᠡ ᠱᠠᠲᠤᠨ ᠳᠤ ᠥᠯᠢᠭᠡᠷ ᠳᠠᠭᠤᠷᠢᠶᠠᠯ ᠦᠵᠡᠭᠦᠯᠵᠡᠢ᠃ ᠣᠲᠣ ᠪᠣᠯᠲᠠᠯ᠎ᠠ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ᠂ 8 ᠨᠡᠭᠡᠭᠡᠯᠲᠡ ᠶᠢᠨ ᠲᠣᠭᠤᠷᠢᠭ᠂ ᠲᠠᠪᠤᠨ ᠶᠡᠭᠡ ᠠᠵᠢᠯ ᠤᠨ ᠵᠥᠪᠯᠡᠯ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠡᠶᠢᠲᠡ 768 ᠨᠠᠮ ︵ᠠᠵᠢᠯᠴᠢᠨ︶ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠ ᠦᠨᠳᠦᠰᠦᠨ ᠱᠠᠲᠤᠨ ᠤ 6000 ᠭᠠᠷᠤᠶ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠬᠥᠮᠦᠵᠢᠯ ᠢ ᠨᠢᠭᠡᠨᠲᠡ ᠪᠦᠬᠦᠨ ᠢ ᠡᠬᠢᠯᠡᠭᠦᠯᠪᠡ᠃      ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠨᠢ ᠮᠠᠨ ᠤ ᠨᠠᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ᠂ ᠮᠥᠩᠬᠡ ᠶᠢᠨ ᠰᠡᠳᠦᠪ ᠪᠣᠯᠭᠠᠬᠤ ᠳᠡᠭᠡᠳᠦ ᠬᠡᠮᠵᠢᠶᠡᠨ ᠤ ᠤᠬᠠᠮᠰᠠᠷ ᠢ ᠢᠯᠡᠷᠡᠭᠦᠯᠵᠦ᠂ ᠪᠦᠬᠦ ᠨᠠᠮ ᠳᠤ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠭᠡᠳᠡᠭ ᠢ ᠳᠠᠬᠢᠨᠲᠠ ᠲᠤᠩᠬᠠᠭᠯᠠᠪᠠ᠃ 3 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠲᠣᠰ ᠤᠳᠠᠭᠠᠨ ᠤ ᠨᠣᠮ ᠤᠩᠰᠢᠬᠤ ᠠᠩᠭᠢ ᠶᠢ ᠲᠥᠪᠯᠡᠷᠡᠭᠦᠯᠦᠨ ᠰᠤᠷᠤᠯᠴᠠᠭᠤᠯᠵᠤ᠂ ᠥᠪᠡᠷ ᠢᠶᠠᠨ ᠰᠤᠷᠤᠯᠴᠠᠬᠤ ᠪᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠰᠠᠶᠢᠲᠤᠷ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠶ ᠦᠷᠨᠢᠭᠦᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢ ᠠᠬᠢᠭᠤᠯᠵᠠᠢ᠃       ᠪᠥᠬᠦ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠡᠶᠢᠳᠡᠮ ᠳᠤᠰᠬᠠᠬᠤ ᠳᠠᠭᠠᠨ᠂ ᠰᠤᠷᠤᠯᠴᠠᠯᠭ᠎ᠠ ᠬᠥᠮᠦᠵᠢᠯ ᠢᠶᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ᠎ᠠ᠃ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠣᠳᠠᠲᠤ ᠠᠵᠢᠯᠯᠠᠭ᠎ᠠ ᠪᠣᠯᠭᠠᠨ᠂ ᠡᠯ᠎ᠡ ᠵᠦᠢᠯ ᠤᠨ ᠠᠵᠢᠯ ᠢ ᠤᠷᠤᠭᠰᠢ ᠠᠬᠢᠭᠤᠯᠵᠤ᠂ ᠳᠡᠭᠲᠡᠷ ᠲᠤ ᠭᠠᠷᠭᠠᠬᠤ ᠶᠢ ᠠᠬᠢᠭᠤᠯᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠨ᠎ᠠ ᠭᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ