︵ᠳᠠᠳᠤᠯᠭ᠎ᠠ ᠶᠢᠨ ᠰᠤᠷᠪᠤᠯᠵᠢᠯᠠᠭᠴᠢ ᠶᠠᠩ ᠴᠧᠩ ᠬᠤᠤ︶ 3 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠤᠯᠤᠰ ᠤᠨ ᠠᠮᠢᠳᠤ ᠪᠣᠳᠠᠰ ᠤᠨ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠶᠠᠩ ᠶᠦᠨ | ᠬᠦᠢ ᠨᠠᠷ ᠲᠠᠢ ᠠᠵᠢᠯ ᠤᠨ ᠬᠡᠯᠡᠯᠴᠡᠭᠡ ᠬᠢᠪᠡ᠃ | ᠬᠡᠯᠡᠯᠴᠡᠭᠡᠨ ᠳᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠤᠰ ᠤᠨ ᠠᠮᠢᠳᠤ ᠪᠣᠳᠠᠰ ᠤᠨ ᠳ᠋ᠠᠶᠢᠲ᠋ᠠ ᠶᠢᠨ ᠲᠥᠪ ᠤᠨ | ᠰᠢᠰᠲ᠋ᠧᠮᠵᠢᠯᠲᠡ ᠶᠢᠨ ᠪᠠᠶᠢᠭᠤᠯᠤᠯᠲᠠ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ᠂ ᠪᠠᠷᠢᠮᠵᠢᠶᠠᠵᠢᠭᠰᠠᠨ ᠠᠮᠢᠳᠤ ᠪᠣᠳᠠᠰ ᠤᠨ ᠵᠠᠭᠪᠤᠷ ᠤᠨ | ᠬᠥᠮᠥᠷᠭᠡ ᠶᠢ ᠪᠠᠶᠢᠭᠤᠯᠬᠤ ᠵᠡᠷᠭᠡ ᠬᠦᠷᠢᠶᠡᠨ ᠤ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ᠬᠥᠬᠡᠬᠤᠲᠠ ᠶᠢᠨ ᠨᠡᠶᠢᠯᠡᠮᠡᠯ | ᠠᠮᠢᠳᠤ ᠪᠣᠳᠠᠰ᠂ ᠪᠣᠬᠢᠷᠲᠤᠯ ᠦᠭᠡᠢ ᠪᠤᠳᠤᠬᠤ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠠᠮᠵᠢᠯᠴᠠᠨ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠶᠡᠭᠡ ᠲᠠᠯ᠎ᠠ ᠳᠤ ᠬᠠᠮᠲᠤ ᠪᠠᠷ ᠰᠠᠶᠢᠲᠤᠷ ᠦᠢᠯᠡᠴᠢᠯᠡᠨ᠎ᠡ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃ | ᠤᠯᠤᠰ ᠤᠨ ᠠᠮᠢᠳᠤ ᠪᠣᠳᠠᠰ ᠤᠨ ᠮᠡᠳᠡᠭᠡ ᠵᠠᠩᠭᠢ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠳᠡᠳ᠋ ᠡᠷᠬᠢᠯᠡᠭᠴᠢ ᠬᠤᠸᠠᠩ ᠲᠢᠶᠧ ᠴᠢᠩ᠂ ᠬᠤᠳᠠ ᠶᠢᠨ | ᠤᠳᠤᠷᠢᠳᠤᠯᠭ᠎ᠠ ᠵᠢᠶᠤᠤ ᠬᠤᠩ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃ |