ᠬᠥᠬᠡᠬᠤᠲᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠶ ᠪᠠᠯᠠ ᠮᠥᠩᠭᠦ ᠶᠢ 7827.80 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2025/3/31
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠸᠠᠩ ᠰᠢᠦ ᠵᠢᠤᠸᠠᠨ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ ︽2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠶ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠬᠥᠬᠡᠬᠤᠲᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠶ ᠪᠠᠯᠠ ᠮᠥᠩᠭᠦ 7827.80 ᠲᠦᠮᠡᠨ ᠲᠥᠭᠦᠷᠢᠭ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠭᠠᠨ ᠰᠤᠷᠭᠠᠯᠲᠠ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠵᠢᠴᠢ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠳᠡᠮᠵᠢᠬᠦ ᠳᠤ ᠲᠤᠰᠬᠠᠶ ᠬᠡᠷᠡᠭᠯᠡᠪᠡ᠃ ᠲᠣᠰ ᠪᠠᠯᠠ ᠮᠥᠩᠭᠦ ᠶᠢ ᠪᠠᠭᠤᠯᠭᠠᠭᠰᠠᠨ ᠨᠢ ᠪᠥᠬᠦ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠥᠬᠦ ᠲᠠᠯ᠎ᠠ ᠪᠠᠷ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ