ᠬᠤᠷᠢᠨᠭᠡᠷ ᠰᠢᠨ᠎ᠡ ᠲᠣᠭᠤᠷᠢᠭ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠲᠥᠷᠥᠯ ᠵᠦᠢᠯ ᠢ ᠨᠡᠶᠢᠲᠡ 260 ᠭᠠᠷᠤᠢ ᠭᠡᠷ᠎ᠡ ᠲᠣᠭᠲᠠᠵᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2025/3/4
      ︵ᠰᠤᠷᠪᠤᠯᠵᠢᠯᠠᠭᠴᠢ ᠯᠢᠶᠠᠩ ᠵᠢᠩ ᠱᠤ᠋︶ 3 ᠳ᠋ᠤᠭᠠᠷ ᠰᠠᠷ᠎ᠠ ᠶᠢᠨ 3 ᠤ ᠡᠳᠦᠷ᠂ ᠰᠤᠷᠪᠤᠯᠵᠢᠯᠠᠭᠴᠢ ᠬᠤᠷᠢᠨᠭᠡᠷ ᠰᠢᠨ᠎ᠡ ᠲᠣᠭᠤᠷᠢᠭ ᠠᠴᠠ ᠤᠶᠢᠯᠠᠭᠠᠭᠰᠠᠨ ᠨᠢ᠂ ᠰᠢᠨ᠎ᠡ ᠲᠣᠭᠤᠷᠢᠭ ᠣᠳᠣᠬᠠᠨ ᠳᠤ ᠨᠡᠶᠢᠲᠡ 260 ᠭᠠᠷᠤᠢ ᠭᠡᠷ᠎ᠡ ᠲᠣᠭᠲᠠᠵᠤ᠂ ᠵᠥᠪᠯᠡᠯᠴᠡᠬᠡᠷ ᠤᠨ ᠶᠡᠷᠦᠩᠬᠡᠢ ᠪᠡᠯᠡ ᠣᠷᠣᠭᠤᠯᠤᠯᠲᠠ 2319 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 430 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ᠂ ᠣᠶᠤᠨᠴᠢ ᠪᠣᠳᠣᠯᠭ᠎ᠠ ᠶᠢᠨ ᠬᠦᠴᠦᠨ᠂ ᠮᠥᠩᠭᠦᠨ ᠭᠦᠢᠯᠭᠡᠭᠡᠨ ᠤ ᠪᠣᠳᠣᠯᠭ᠎ᠠ ᠶᠢᠨ ᠬᠦᠴᠦᠨ ᠵᠡᠷᠭᠡ ᠭᠤᠷᠪᠠᠨ ᠶᠡᠭᠡ ᠬᠥᠭᠵᠢᠯᠲᠡ ᠶᠢᠨ ᠳᠠᠪᠠᠭᠤᠯᠢᠭ ᠢ ᠪᠦᠷᠢᠯᠳᠦᠭᠦᠯᠵᠡᠢ᠃      ᠪᠣᠬᠢᠷᠲᠤᠯ ᠥᠬᠡᠶ ᠪᠣᠳᠣᠯᠭ᠎ᠠ ᠶᠢᠨ ᠬᠦᠴᠦᠨ ᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠡᠩ ᠲᠡᠷᠢᠭᠦᠨ ᠳᠤ ᠨᠣᠭᠤᠭᠠᠨ ᠴᠠᠬᠢᠯᠭᠠᠨ ᠤ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠨ ᠪᠠᠶᠢᠭᠤᠯᠵᠤ᠂ ︽ᠰᠠᠯᠬᠢ — ᠬᠡᠷᠡᠯ  — ᠬᠠᠳᠠᠭᠠᠯᠠᠬᠤ︾ ᠶᠢ ᠨᠢᠭᠡ ᠴᠣᠭᠴᠠᠵᠢᠭᠤᠯᠤᠭᠰᠠᠨ ᠴᠡᠪᠡᠷ ᠡᠨᠧᠷᠭᠢ ᠪᠠᠷ ᠴᠠᠬᠢᠯᠭᠠᠨ ᠬᠠᠩᠭᠠᠬᠤ ᠪᠠᠷ ᠳᠠᠮᠵᠢᠭᠤᠯᠤᠨ ᠪᠣᠳᠣᠯᠭ᠎ᠠ ᠶᠢᠨ ᠬᠦᠴᠦᠨ ᠤ ᠲᠥᠪ ᠲᠤ ︽ᠨᠣᠭᠤᠭᠠᠨ ᠴᠠᠬᠢᠯᠭᠠᠨ︾ ᠬᠠᠩᠭᠠᠵᠤ᠂ ᠪᠣᠬᠢᠷᠲᠤᠯ ᠥᠬᠡᠶ ᠪᠣᠳᠣᠯᠭ᠎ᠠ ᠶᠢᠨ ᠬᠦᠴᠦᠨ ᠤ ᠰᠢᠨ᠎ᠡ ᠡᠨᠧᠷᠭᠢ ᠶᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠶᠢ ᠳᠥᠯᠭᠢᠨ ᠠᠬᠢᠭᠤᠯᠵᠤ᠂ ᠲᠤᠭ᠎ᠠ ᠪᠠᠷᠢᠮᠲᠠ ᠶᠢᠨ ᠲᠥᠪ ᠤᠨ ᠨᠣᠭᠤᠭᠠᠨ ᠴᠠᠬᠢᠯᠭᠠᠨ ᠤ ᠬᠡᠷᠡᠭᠯᠡᠯᠲᠡ ᠶᠢᠨ ᠨᠣᠷᠮ᠎ᠠ ᠶᠢ 80% ᠠᠴᠠ ᠳᠡᠭᠡᠭᠰᠢ ᠳᠤ  ᠬᠦᠷᠭᠡᠵᠡᠢ᠃      ᠣᠶᠤᠨᠴᠢ ᠪᠣᠳᠣᠯᠭ᠎ᠠ ᠶᠢᠨ ᠬᠦᠴᠦᠨ ᠤ ᠲᠠᠯ᠎ᠠ ᠪᠠᠷ᠂ ᠨᠢᠭᠡᠨᠲᠡ ᠡᠵᠡᠩᠨᠡᠯᠲᠡ ᠶᠢᠨ ᠬᠤᠳᠠᠯᠳᠤᠭᠠᠴᠢᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠤᠯᠤᠭᠠᠶᠢᠯᠠᠭᠴᠢ ᠠᠵᠤ ᠠᠬᠤᠶᠢᠯᠠᠯ᠂ ᠤᠯᠤᠰ ᠤᠨ ᠶᠠᠮᠤᠨ ᠵᠥᠪᠯᠡᠯ ᠵᠡᠷᠭᠡ ᠪᠣᠳᠣᠯᠭ᠎ᠠ ᠶᠢᠨ ᠬᠦᠴᠦᠨ ᠤ ᠲᠥᠪ ᠤᠨ 39 ᠲᠥᠷᠥᠯ ᠵᠦᠢᠯ ᠢ ᠲᠥᠪᠯᠡᠷᠡᠭᠦᠯᠪᠡ᠂ ᠡᠭᠦᠨ ᠳᠤ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠣᠶᠤᠨᠴᠢ ᠪᠣᠳᠣᠯᠭ᠎ᠠ ᠶᠢᠨ ᠲᠥᠪ᠂ ᠬᠤᠸᠠ ᠸᠧᠶ ᠶᠢᠨ ᠡᠭᠦᠯᠡ᠂ ᠺᠧ ᠳ᠋ᠠ ᠰᠢᠶᠦ᠋ᠨ ᠹᠸᠢ᠂ ᠲᠢᠺ ᠲᠣᠺ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ᠂ ᠵᠢᠩ ᠨᠧᠩ ᠣᠶᠤᠨᠴᠢ ᠪᠣᠳᠣᠯᠲᠠ᠂ ᠭᠤᠸᠠᠩ ᠬᠤᠸᠠᠨ ᠰᠢᠨ᠎ᠡ ᠰᠦᠯᠵᠢᠶ᠎ᠡ ᠵᠡᠷᠭᠡ 22 ᠣᠶᠤᠨᠴᠢ ᠪᠣᠳᠣᠯᠭ᠎ᠠ ᠶᠢᠨ ᠬᠦᠴᠦᠨ ᠤ ᠲᠥᠷᠥᠯ ᠵᠦᠢᠯ ᠢ ᠪᠠᠭᠲᠠᠭᠠᠵᠤ᠂ ᠨᠢᠭᠡᠨᠲᠡ ᠬᠡᠷᠡᠭᠯᠡᠯᠲᠡ ᠳᠤ ᠣᠷᠣᠭᠰᠠᠨ ᠣᠶᠤᠨᠴᠢ ᠪᠣᠳᠣᠯᠭ᠎ᠠ ᠶᠢᠨ ᠬᠦᠴᠦᠨ ᠤ ᠶᠡᠷᠦᠩᠬᠡᠶ ᠬᠡᠪᠴᠢᠶ᠎ᠡ 4.75 ᠲᠦᠮᠡᠨ P ᠬᠦᠷᠴᠦ᠂ ᠪᠥᠬᠦ ᠤᠯᠤᠰ ᠤᠨ ᠨᠠᠢᠮᠠᠨ ᠶᠡᠭᠡ ᠬᠦᠢᠰᠦ᠂ ᠠᠷᠪᠠᠨ ᠶᠡᠭᠡ ᠰᠦᠷᠦᠭᠵᠢᠯ ᠤᠨ 21 ᠬᠡᠰᠡᠭ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠤᠯᠤᠰ ᠤᠨ ᠴᠢᠬᠤᠯᠠ ᠪᠣᠳᠣᠯᠭ᠎ᠠ ᠶᠢᠨ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃      ᠮᠥᠩᠭᠦᠨ ᠭᠦᠢᠯᠭᠡᠭᠡᠨ ᠤ ᠪᠣᠳᠣᠯᠭ᠎ᠠ ᠶᠢᠨ ᠬᠦᠴᠦᠨ ᠤ ᠲᠠᠯ᠎ᠠ ᠪᠠᠷ᠂ ᠳᠤᠮᠳᠠᠳᠤ ᠤᠯᠤᠰ ᠤᠨ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠠᠷᠠᠳ ᠤᠨ ᠳᠠᠭᠠᠳᠬᠠᠯ ᠤᠨ ᠪᠦᠯᠦᠭᠯᠡᠯ᠂ ᠫᠦ᠋ ᠹᠠ ᠪᠠᠩᠬᠢ ᠵᠡᠷᠭᠡ 11 ᠶᠡᠷᠦᠩᠬᠡᠶ ᠪᠠᠩᠬᠢ ᠶᠢᠨ ᠲᠠᠰ ᠤᠨ ᠪᠣᠳᠣᠯᠭ᠎ᠠ ᠶᠢᠨ ᠬᠦᠴᠦᠨ ᠤ ᠲᠥᠪ ᠤᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠷᠢᠨᠭᠡᠷ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠢ ᠵᠢᠩᠬᠢᠨᠢ ᠪᠠᠷ ᠴᠣᠬᠤᠯᠠᠪᠤᠷᠢᠯᠠᠨ᠂ ᠪᠥᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠲᠥᠪ ᠲᠥᠪᠯᠡᠷᠡᠭᠰᠡᠨ ᠣᠷᠣᠨ ᠢ ᠨᠢᠭᠡᠨᠲᠡ ᠪᠣᠶ ᠪᠤᠯᠭᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ