︵ᠰᠤᠷᠪᠤᠯᠵᠢᠯᠠᠭᠴᠢ ᠡᠦ ᠽᠢ ᠰᠢᠤᠸᠠᠨ︶ 3 ᠳ᠋ᠤᠭᠠᠷ ᠰᠠᠷ᠎ᠠ ᠶᠢᠨ 3 ᠤ ᠡᠳᠦᠷ᠂ ᠬᠥᠬᠡᠬᠤᠲᠠ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ | ᠵᠤᠯᠭᠠᠭᠤᠯᠬᠤ ᠰᠣᠯᠢᠯᠴᠠᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠬᠥᠬᠡᠬᠤᠲᠠ ᠶᠢᠨ R&D ᠶᠢᠨ ᠪᠡᠯᠡ ᠣᠷᠣᠭᠤᠯᠤᠯᠲᠠ ᠶᠢ ᠵᠠᠷᠯᠠᠨ | ᠮᠡᠳᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠷᠢᠳᠬᠡᠯ ᠤᠨ ᠣᠨ ᠤ ᠮᠡᠳᠡᠭᠦᠯᠦᠯᠲᠡ ᠳᠤ ᠠᠩᠬᠠᠷᠬᠤ ᠴᠢᠬᠤᠯᠠᠲᠠᠢ ᠵᠦᠢᠯᠡᠰ ᠢ ᠴᠢᠬᠤᠯᠠᠴᠢᠯᠠᠨ᠂ | ︽ᠬᠥᠬᠡᠬᠤᠲᠠ ᠳᠤ ᠰᠠᠭᠤᠷᠢᠰᠢᠭ᠎ᠠ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ ᠪᠥᠬᠦ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠲᠥᠪ ᠢ ᠲᠦᠷᠭᠡᠳᠬᠡᠨ ᠪᠠᠶᠢᠭᠤᠯᠬᠤ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ | ᠬᠢᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠢᠯᠢ ᠪᠦᠯᠦᠭᠯᠡᠯ ᠵᠡᠷᠭᠡ | ᠬᠥᠬᠡᠬᠤᠲᠠ ᠳᠤ ᠪᠠᠶᠢᠭ᠎ᠠ 12 ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠭᠤᠤᠯᠳᠠᠯᠭ᠎ᠠ ᠲᠠᠢ ᠠᠵᠤ ᠠᠬᠤᠶᠢᠯᠠᠯ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠤᠪᠢᠶᠠᠯᠴᠠᠪᠠ᠃ | ᠪᠦᠬᠦ ᠨᠡᠶᠢᠭᠡᠮ ᠤᠨ ᠰᠤᠳᠤᠯᠤᠯ ᠪᠠ ᠲᠤᠷᠰᠢᠯᠲᠠ ᠶᠢᠨ ᠬᠥᠭᠵᠢᠯᠲᠡ(R&D) ᠶᠢᠨ ᠵᠠᠷᠤᠳᠠᠯ ᠵᠢᠴᠢ ᠣᠷᠣᠭᠤᠯᠤᠯᠲᠠ ᠶᠢᠨ ᠡᠷᠴᠢᠮ ᠪᠣᠯ ᠭᠠᠵᠠᠷ | ᠣᠷᠣᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠣᠷᠣᠭᠤᠯᠤᠯᠲᠠ ᠶᠢᠨ ᠬᠡᠪᠴᠢᠶ᠎ᠡ ᠪᠠ ᠬᠢᠷᠢ ᠲᠦᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠰᠢᠪᠲᠤᠯᠬᠤ︾ ᠦᠷ᠎ᠡ ᠪᠦᠲᠦᠮᠵᠢ ᠶᠢ ᠬᠡᠮᠵᠢᠬᠦ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠮᠥᠨ᠂ ᠪᠠᠰᠠ ᠴᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠢᠨᠠᠨ ᠬᠡᠮᠵᠢᠬᠦ ᠭᠤᠣᠯ ᠬᠦᠴᠦᠨ ᠵᠦᠢᠯ ᠮᠥᠨ᠃ 2023 ᠣᠨ ᠠᠴᠠ ᠨᠠᠭᠠᠰᠢ᠂ ᠬᠥᠬᠡᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠶᠡᠷᠦᠳᠡ ᠶᠢᠨ ᠪᠤᠰᠤ ᠠᠷᠭ᠎ᠠ ᠬᠡᠮᠵᠢᠶ᠎ᠡ ᠪᠠᠷ ᠪᠥᠬᠦ ᠨᠡᠶᠢᠭᠡᠮ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ︽ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠨᠠᠢᠮᠠᠨ | ᠵᠦᠢᠯ ᠤᠨ ᠠᠷᠭ᠎ᠠ ᠬᠡᠮᠵᠢᠶ᠎ᠡ︾ ︽ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ(R&D) ᠤᠨ ᠣᠷᠣᠭᠤᠯᠤᠯᠲᠠ ᠶᠢ ᠨᠡᠮᠡᠭᠳᠡᠭᠦᠯᠬᠦ ᠬᠡᠷᠡᠭᠵᠢᠭᠦᠯᠬᠦ | ᠲᠥᠰᠦᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠭᠠᠭᠠᠴᠢᠯᠠᠨ ᠬᠤᠯᠪᠣᠭᠠᠯᠠᠬᠤ | ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠪᠡ᠃ ᠰᠤᠳᠤᠯᠤᠨ ᠨᠡᠭᠡᠭᠡᠬᠦ ᠵᠠᠷᠤᠳᠠᠯ ᠢ | ᠨᠡᠮᠡᠨ ᠪᠤᠳᠤᠵᠤ ᠰᠠᠭᠤᠯᠭᠠᠨ ᠠᠪᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠮᠠᠰᠢᠭᠤᠯᠬᠤ ᠲᠣᠭᠲᠠᠴᠠ ᠶᠢ | ᠴᠢᠩᠭᠠᠷᠠᠭᠤᠯᠤᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠤᠨ 10% ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠳᠤ ᠳᠡᠮᠵᠢᠯᠭᠡ | ᠦᠵᠡᠭᠦᠯᠵᠦ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ᠃ | 22 ᠬᠤᠭᠤᠴᠠᠭᠠᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠡᠷᠭᠢᠯᠡᠵᠦ᠂ ᠰᠤᠳᠤᠯᠤᠨ ᠨᠡᠭᠡᠭᠡᠬᠦ | ᠣᠷᠣᠭᠤᠯᠤᠯᠲᠠ ᠳᠤ 90 ᠨᠡᠷᠡᠰ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠰᠣᠩᠭᠤᠨ ᠤᠷᠢᠵᠤ᠂ 32 ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢ ᠳᠠᠩᠰᠠᠯᠠᠭᠤᠯᠵᠤ᠂ ᠬᠥᠬᠡᠬᠤᠲᠠ ᠳᠤ ᠪᠠᠶᠢᠭ᠎ᠠ ᠶᠡᠭᠡ ᠳᠡᠭᠡᠳᠦ | ᠰᠤᠷᠭᠠᠭᠤᠯᠢ ᠬᠦᠷᠢᠶᠡᠯᠡᠩ ᠭᠠᠵᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠨᠢᠭᠡ ᠨᠢᠭᠡ ᠪᠠᠷ ᠬᠡᠷ ᠲᠤᠨᠢ ᠬᠦᠷᠴᠦ ᠬᠠᠪᠰᠤᠷᠤᠨ ᠵᠢᠯᠣᠭᠤᠳᠬᠤ | ᠵᠡᠷᠭᠡ ᠨᠠᠷᠢᠯᠢᠬᠵᠢᠭᠤᠯᠤᠭᠰᠠᠨ ᠦᠢᠯᠡᠴᠢᠯᠡᠭᠡ ᠬᠠᠩᠭᠠᠪᠠ᠃ | ᠬᠤᠷᠠᠯ ᠠᠴᠠ᠂ ᠣᠳᠣᠬᠠᠨ ᠳᠤ ᠶᠠᠭ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ | ᠬᠤᠭᠤᠴᠠᠭ᠎ᠠ ᠪᠠ 2025 ᠣᠨ ᠤ ᠲᠦᠷᠦᠯ ᠵᠦᠢᠯ ᠢ ᠲᠥᠯᠥᠪᠵᠢᠭᠦᠯᠬᠦ ᠬᠤᠭᠤᠴᠠᠭᠠᠨ ᠳᠤ ᠪᠠᠶᠢᠵᠦ᠂ ᠪᠦᠬᠦ ᠬᠤᠳᠠ ᠶᠢᠨ ︽ᠨᠢᠭᠡ ᠬᠥᠯᠭᠡ ᠰᠢᠳᠠᠷ᠎ᠠ︾ ᠶᠢᠨ | ᠶᠣᠰᠣᠭᠠᠷ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠵᠤ᠂ ᠨᠡᠩ ᠥᠨᠳᠥᠷ ᠵᠣᠭᠰᠣᠴᠠ ᠪᠠᠷ ᠰᠤᠳᠤᠯᠤᠨ | ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠩ ᠥᠨᠳᠥᠷ ᠪᠠᠷᠢᠮᠵᠢᠶ᠎ᠠ ᠪᠠᠷ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ ᠢᠶᠠᠷ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠣᠭᠤᠮᠲᠠ ᠰᠢᠪᠲᠤᠯᠬᠤ ᠪᠦᠲᠦᠮᠵᠢᠲᠡᠢ ᠲᠤᠯᠭᠠᠭᠤᠷᠢᠯᠠᠯ ᠢ ᠴᠢᠩᠭᠠᠳᠬᠠᠵᠤ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ | ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ |