| ᠥᠷᠭᠡᠨ ᠤᠯᠠᠨ ᠰᠤᠷᠤᠬᠴᠢᠳ ᠲᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠣᠷᠴᠢᠨ ᠠᠬᠤᠢ ᠶᠢ ᠪᠤᠢ ᠪᠤᠯᠭᠠᠬᠤ ᠶᠢᠨ ᠲᠤᠯᠠᠳᠠ ᠭᠦᠭᠡᠬᠤᠳᠠ | ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠦᠭᠦ | ᠴᠠᠭᠳᠠᠭ᠎ᠠ ᠪᠠᠷ ᠢᠶᠠᠨ ᠬᠥᠳᠡᠯᠦᠯᠴᠡᠨ᠂ ᠲᠥᠯᠥᠪᠵᠢᠭᠦᠯᠦᠨ ᠪᠠᠶᠢᠷᠢᠯᠠᠭᠤᠯᠬᠤ᠂ ᠴᠠᠭᠳᠠᠭ᠎ᠠ ᠲᠣᠮᠢᠯᠠᠬᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠡᠮᠬᠢ ᠵᠢᠷᠤᠮ ᠢ | ᠬᠠᠮᠢᠶᠠᠷᠬᠤ ᠠᠴᠠ ᠤᠬᠠᠭᠤᠯᠤᠨ ᠬᠥᠲᠥᠯᠥᠨ ᠳᠠᠭᠠᠭᠤᠯᠬᠤ ᠭᠦᠷᠳᠡᠯ᠎ᠡ ᠤᠯᠠᠨ ᠲᠠᠯ᠎ᠠ ᠪᠠᠷ ᠬᠦᠴᠦᠯᠡᠨ᠂ ᠭᠦᠭᠡᠬᠤᠳᠠ ᠳᠤ ᠰᠤᠷᠤᠬᠴᠢ ᠶᠢ ᠬᠠᠮᠠᠭᠠᠯᠠᠬᠤ 295 | ᠠᠵᠢᠯ ᠤᠨ ᠪᠠᠶᠢᠷᠢ ᠲᠣᠬᠢᠷᠠᠭᠤᠯᠤᠨ᠂ ᠰᠤᠷᠤᠬᠴᠢ ᠶᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠤᠷᠤᠬᠴᠢᠳ | ᠤᠨ ᠰᠤᠷᠭᠠᠭᠤᠯᠢ ᠳᠤ ᠶᠠᠪᠤᠵᠤ ᠢᠷᠡᠬᠦ ᠵᠠᠮ ᠬᠠᠷᠢᠯᠴᠠᠭᠠᠨ ᠤ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠪᠠ᠃ | ᠨᠠᠷᠢᠨ ᠨᠢᠮᠪᠠᠢ ᠠᠷᠭ᠎ᠠ ᠤᠬᠠᠭᠠᠨ ᠰᠦᠪᠡᠭᠴᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠰᠦᠯᠵᠢᠶ᠎ᠡ ᠶᠢ ᠴᠣᠭᠴᠠᠯᠠᠨ | ᠪᠠᠶᠢᠭᠤᠯᠪᠠ᠃ ᠡᠯ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠤᠷᠭᠠᠭᠤᠯᠢ ᠲᠠᠢ ᠨᠢᠭᠲᠠ | ᠨᠡᠪᠲᠡᠷᠡᠯᠴᠡᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠰᠤᠷᠤᠬᠴᠢᠳ ᠤᠨ | ᠰᠤᠷᠭᠠᠭᠤᠯᠢ ᠳᠤ ᠶᠠᠪᠤᠵᠤ ᠢᠷᠡᠬᠦ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠭᠦᠨᠵᠡᠭᠡᠢ ᠵᠠᠳᠠᠯᠤᠨ᠂ ᠭᠠᠷᠴᠤ ᠮᠡᠳᠡᠬᠦ ᠡᠯ᠎ᠡ ᠵᠦᠢᠯ ᠤᠨ | ᠪᠠᠶᠢᠳᠠᠯ ᠳᠤ ᠬᠠᠨᠳᠤᠭᠤᠯᠤᠨ ᠨᠠᠷᠢᠯᠢᠭ ᠪᠡᠯᠡᠳᠬᠡᠯ ᠲᠥᠰᠥᠯ ᠲᠤᠬᠳᠠᠭᠠᠪᠠ᠃ ᠪᠦᠭᠦ ᠴᠠᠭᠳᠠᠭ᠎ᠠ ᠪᠠᠷ ᠢᠶᠠᠨ ᠬᠥᠳᠡᠯᠦᠯᠴᠡᠨ᠂ ᠲᠦᠭᠵᠢᠷᠡᠯ ᠢ ᠰᠢᠯᠤᠭᠤᠳᠬᠠᠨ | ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠤᠷᠭᠠᠭᠤᠯᠢ ᠡᠬᠢᠯᠡᠬᠦ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠪᠠ ᠡᠷᠭᠢᠨ ᠲᠣᠭᠤᠷᠢᠨ ᠤ ᠵᠠᠮ ᠳᠤ | ᠬᠠᠨᠳᠤᠭᠤᠯᠤᠨ ᠴᠠᠭᠳᠠᠭ᠎ᠠ ᠶᠢ ᠪᠠᠶᠢᠷᠢᠯᠠᠭᠤᠯᠬᠤ ᠶᠢ ᠴᠢᠩᠭᠠᠳᠬᠠᠬᠤ ᠶᠢᠨ ᠵᠡᠷᠭᠡ ᠪᠠᠷ ᠵᠢᠵᠢᠭᠦᠷᠯᠡᠬᠦ ᠴᠠᠭ ᠢ ᠤᠷᠳᠤᠳᠬᠠᠪᠠ᠃ ᠨᠠᠷᠢᠯᠢᠭ ᠰᠠᠶᠢᠬᠠᠨ ᠬᠠᠮᠢᠶᠠᠷᠴᠤ᠂ | ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠪᠠ᠃ ᠡᠯ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠭᠢ ᠰᠤᠷᠭᠠᠭᠤᠯᠢ ᠳᠤ ᠶᠠᠪᠤᠵᠤ ᠢᠷᠡᠬᠦ ᠴᠠᠭ ᠢ ᠤᠷᠢᠳᠴᠢᠯᠠᠨ ᠡᠵᠡᠮᠳᠡᠵᠦ᠂ ᠵᠢᠵᠢᠭᠦᠷ ᠢᠶᠠᠨ ᠵᠣᠬᠢᠰᠲᠠᠢ ᠲᠣᠬᠢᠷᠠᠭᠤᠯᠤᠨ᠂ ᠰᠤᠷᠭᠠᠭᠤᠯᠢ ᠶᠢᠨ ᠬᠦᠷᠢᠶᠡᠨ | ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠲᠦᠭᠵᠢᠷᠡᠯ ᠢ ᠵᠠᠰᠠᠬᠤ ᠪᠠ ᠳᠢᠭᠯᠢᠮ ᠢ ᠬᠠᠮᠠᠭᠠᠯᠠᠬᠤ ᠶᠢ ᠴᠢᠩᠭᠠᠳᠬᠠᠪᠠ᠃ ᠵᠢᠵᠢᠭᠦᠷᠯᠡᠬᠦ ᠶᠢ ᠬᠠᠨᠳᠤᠯᠭᠠᠲᠤ | ᠴᠢᠨᠠᠷᠲᠠᠢ ᠪᠠᠷ ᠲᠣᠬᠢᠷᠠᠭᠤᠯᠤᠨ᠂ ︽ᠰᠤᠷᠤᠬᠴᠢ ᠶᠢ ᠬᠠᠮᠠᠭᠠᠯᠠᠬᠤ ᠠᠵᠢᠯ ᠤᠨ ᠪᠠᠶᠢᠷᠢ︾᠂ ︽ᠤᠷᠭᠢᠯ ᠦᠶ᠎ᠡ ᠶᠢᠨ ᠵᠢᠵᠢᠭᠦᠷ︾ ᠤᠨ ᠲᠣᠭᠲᠠᠴᠠ ᠶᠢᠨ ᠦᠢᠯᠡᠳᠦᠯ ᠢ | ᠪᠠᠳᠠᠷᠠᠭᠤᠯᠤᠨ᠂ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠦ᠂ ᠡᠯ᠎ᠡ ᠵᠦᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ | ᠶᠢ ᠴᠢᠩᠭ᠎ᠠ ᠪᠠᠶᠢᠴᠠᠭᠠᠨ᠂ ᠰᠤᠷᠤᠬᠴᠢᠳ ᠤᠨ ᠭᠠᠳᠠᠭᠰᠢ ᠭᠠᠷᠬᠤ ᠠᠮᠤᠷ ᠲᠦᠪᠰᠢᠨ ᠢ ᠪᠠᠲᠤᠯᠠᠪᠠ᠃ | |