ᠵᠢᠷᠤᠭᠲᠤ ᠳᠡᠪᠲᠡᠷ ︽ᠥᠪᠥᠷ ᠮᠣᠩᠭᠤᠯ ᠤᠨ ᠨᠢᠭᠡᠳᠦᠭᠡᠷ ᠳᠡᠰ ᠤᠨ ᠡᠷᠲᠡᠨ ᠤ ᠮᠣᠳᠣ ᠨᠡᠷᠡᠳᠦ ᠮᠣᠳᠣ︾ ᠬᠡᠪᠯᠡᠭᠳᠡᠪᠡ
ᠨᠡᠶᠢᠲᠡᠯᠡᠭᠰᠡᠨ ᠴᠠᠭ᠄
2025/3/5
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠢ ᠥᠷᠲᠡᠭᠡ ᠠᠴᠠ ᠨᠠᠶᠢᠷᠠᠭᠤᠯᠵᠤ ᠵᠣᠬᠢᠶᠠᠭᠰᠠᠨ ︽ᠥᠪᠥᠷ ᠮᠣᠩᠭᠤᠯ ᠤᠨ ᠨᠢᠭᠡᠳᠦᠭᠡᠷ ᠳᠡᠰ ᠤᠨ ᠡᠷᠲᠡᠨ ᠤ ᠮᠣᠳᠣ ᠨᠠᠷᠠᠲᠤ ᠮᠣᠳᠣ︾ ᠭᠡᠬᠦ ᠵᠢᠷᠤᠭᠲᠤ ᠳᠡᠪᠲᠡᠷ ᠵᠢᠩᠬᠢᠨᠢ ᠪᠠᠷ ᠬᠡᠪᠯᠡᠭᠳᠡᠪᠡ᠃ ᠵᠢᠷᠤᠭᠲᠤ ᠳᠡᠪᠲᠡᠷ ᠤᠨ ᠬᠡᠪᠯᠡᠭᠳᠡᠭᠰᠡᠨ ᠨᠢ ᠰᠢᠨᠵᠢᠯᠡᠬᠦ ᠤᠬᠠᠭᠠᠨ ᠢ  ᠲᠦᠭᠡᠮᠡᠯᠵᠢᠭᠦᠯᠬᠦ  ᠶᠢ ᠴᠢᠩᠭᠠᠳᠬᠠᠬᠤ᠂ ᠡᠷᠲᠡᠨ ᠤ ᠮᠣᠳᠣ ᠨᠠᠷᠠᠲᠤ ᠮᠣᠳᠣᠨ ᠤ ᠥᠯᠢᠭᠡᠷ ᠢ ᠰᠠᠶᠢᠲᠤᠷ ᠶᠠᠷᠢᠬᠤ᠂ ᠪᠦᠭᠦ ᠣᠷᠣᠨ ᠤ ᠡᠯ᠎ᠡ ᠭᠠᠵᠠᠷ ᠤᠨ ᠬᠢᠨ ᠢ  ᠬᠥᠲᠥᠯᠥᠨ ᠵᠢᠯᠤᠭᠤᠳᠴᠤ ︽ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠬᠤ ᠳᠦᠷᠢᠮ︾ ᠢ ᠢᠳᠡᠪᠬᠢᠲᠡᠢ ᠲᠤᠭᠤᠰᠢᠯᠠᠭᠤᠯᠤᠨ ᠬᠡᠷᠡᠭᠵᠢᠭᠦᠯᠬᠦ ᠳᠤ ᠢᠳᠡᠪᠬᠢᠲᠡᠢ  ᠦᠢᠯᠡᠳᠦᠯ  ᠦᠵᠡᠭᠦᠯᠭᠦ  ᠪᠣᠯᠣᠨ᠎ᠠ᠃      ︽ᠥᠪᠥᠷ ᠮᠣᠩᠭᠤᠯ ᠤᠨ ᠨᠢᠭᠡᠳᠦᠭᠡᠷ ᠳᠡᠰ ᠤᠨ ᠡᠷᠲᠡᠨ ᠤ ᠮᠣᠳᠣ ᠨᠡᠷᠡᠳᠦ ᠮᠣᠳᠣ︾ ᠵᠢᠷᠤᠭᠲᠤ  ᠳᠡᠪᠲᠡᠷ  ᠪᠣᠯ  ᠮᠠᠨ ᠤ  ᠣᠷᠣᠨ ᠤ  ᠠᠩᠬᠠᠳᠠᠭᠴᠢ ᠡᠷᠲᠡᠨ ᠤ ᠮᠣᠳᠣ ᠨᠡᠷᠡᠳᠦ ᠮᠣᠳᠣᠨ ᠤ ᠳᠦᠷᠰᠦ ᠪᠠᠶᠢᠳᠠᠯ ᠢ ᠨᠡᠯᠢᠶᠡᠳ ᠭᠦᠢᠴᠡᠳ ᠬᠠᠷᠠᠭᠤᠯᠤᠭᠰᠠᠨ ᠪᠦᠲᠦᠭᠡᠯ ᠪᠠᠶᠢᠵᠤ᠂ ᠨᠠᠶᠢᠷᠠᠭᠤᠯᠤᠨ ᠪᠢᠴᠢᠬᠦ ᠳᠤᠭᠤᠶᠢᠯᠠᠩ ᠪᠦᠭᠦ ᠣᠷᠣᠨ ᠤ 129 ᠰᠠᠭᠤᠷᠢ ᠲᠥᠯᠥᠭᠡᠯᠡᠬᠦ ᠴᠢᠨᠠᠷᠲᠠᠢ ᠨᠢᠭᠡᠳᠦᠭᠡᠷ ᠳᠡᠰ ᠤᠨ ᠡᠷᠲᠡᠨ ᠤ ᠮᠣᠳᠣ ᠨᠡᠷᠡᠳᠦ ᠮᠣᠳᠣ ᠶᠢ ᠰᠣᠩᠭᠤᠵᠤ᠂ 250 ᠭᠠᠷᠤᠢ ᠭᠡᠷᠡᠯ ᠵᠢᠷᠤᠭ ᠬᠠᠪᠰᠤᠷᠭᠠᠪᠠ᠃ ᠵᠢᠷᠤᠭᠲᠤ ᠳᠡᠪᠲᠡᠷ ᠨᠢ ᠭᠡᠷᠡᠯ ᠵᠢᠷᠤᠭ ᠢᠶᠠᠷ ᠳᠡᠮᠵᠢᠨ ᠮᠠᠨ ᠤ ᠣᠷᠣᠨ ᠤ ᠨᠢᠭᠡᠳᠦᠭᠡᠷ ᠳᠡᠰ ᠤᠨ ᠡᠷᠲᠡᠨ ᠤ ᠮᠣᠳᠣ ᠨᠠᠷᠠᠲᠤ ᠮᠣᠳᠣᠨ ᠤ ᠰᠣᠨᠢᠨ ᠬᠠᠴᠢᠨ᠂ ᠬᠤᠪᠣᠷ ᠴᠤᠬᠠᠭ ᠢ ᠦᠨᠡᠨ ᠪᠣᠳᠠᠲᠠᠢ ᠪᠠᠷ ᠬᠠᠷᠠᠭᠤᠯᠬᠤ ᠶᠢᠨ ᠬᠠᠮᠲᠤ ᠡᠷᠲᠡᠨ ᠤ ᠮᠣᠳᠣ ᠨᠠᠷᠠᠲᠤ ᠮᠣᠳᠣ ᠨᠢᠭᠡᠪᠦᠷᠢ ᠶᠢᠨ ᠨᠡᠷᠡᠶᠢᠳᠦᠯ᠂ ᠯᠠᠲ᠋ᠢᠨ ᠦᠰᠦᠭ ᠤᠨ ᠨᠡᠷ᠎ᠡ᠂ ᠢᠵᠠᠭᠤᠷ ᠤᠨ ᠲᠥᠷᠥᠯ᠂ ᠮᠣᠳᠣᠨ ᠤ ᠨᠠᠰᠤ ᠵᠢᠯ᠂ ᠭᠠᠵᠠᠷ ᠵᠦᠢ ᠶᠢᠨ ᠪᠠᠶᠢᠷᠢᠯᠠᠯ᠂ ᠭᠡᠯᠪᠡᠷᠢ ᠳᠦᠷᠰᠦ ᠶᠢᠨ ᠣᠨᠴᠠᠯᠢᠭ ᠪᠠ ᠤᠷᠭᠤᠴᠠ ᠶᠢᠨ ᠪᠠᠶᠢᠳᠠᠯ ᠵᠡᠷᠭᠡ ᠶᠢ ᠨᠠᠷᠢᠨ ᠲᠣᠳᠣᠷᠬᠠᠢ ᠲᠡᠮᠳᠡᠭᠯᠡᠭᠰᠡᠨ ᠪᠥᠭᠡᠳ ᠵᠠᠷᠢᠮ ᠡᠷᠲᠡᠨ ᠤ ᠮᠣᠳᠣᠨ ᠤ ᠲᠤᠬᠠᠢ ᠰᠡᠳᠬᠢᠯ ᠬᠥᠳᠡᠯᠭᠡᠮ᠎ᠡ ᠥᠯᠢᠭᠡᠷ ᠳᠣᠮᠤᠭ ᠢ ᠳᠠᠭᠠᠯᠳᠤᠭᠤᠯᠵᠠᠢ᠃ ᠵᠢᠷᠤᠭᠲᠤ ᠳᠡᠪᠲᠡᠷ ᠨᠢ ᠰᠢᠨᠵᠢᠯᠡᠬᠦ ᠤᠬᠠᠭᠠᠨᠴᠢ ᠴᠢᠨᠠᠷ᠂ ᠮᠡᠳᠡᠯᠭᠡᠲᠦ ᠴᠢᠨᠠᠷ᠂ ᠲᠦᠭᠡᠮᠡᠯᠵᠢᠭᠦᠯᠬᠦ ᠴᠢᠨᠠᠷ᠂ ᠤᠷᠠᠯᠢᠭᠴᠢ ᠴᠢᠨᠠᠷ ᠪᠣᠯᠣᠨ ᠰᠣᠨᠢᠷᠬᠠᠯᠳᠤ ᠴᠢᠨᠠᠷ ᠢ ᠨᠢᠭᠡ ᠴᠣᠭᠴᠠᠵᠢᠭᠤᠯᠵᠤ᠂ ᠮᠠᠨ ᠤ ᠣᠷᠣᠨ ᠤ ᠡᠷᠲᠡᠨ ᠤ ᠮᠣᠳᠣ ᠨᠠᠷᠠᠲᠤ ᠮᠣᠳᠣᠨ ᠤ ᠡᠯᠪᠡᠭ ᠪᠠᠶᠠᠯᠢᠭ ᠠᠭᠤᠯᠤᠭᠳᠠᠬᠤᠨ ᠪᠣᠯᠣᠨ ᠦᠨ᠎ᠡ ᠥᠷᠲᠡᠭ ᠢ ᠪᠦᠭᠦ ᠲᠠᠯ᠎ᠠ ᠪᠠᠷ ᠬᠠᠷᠠᠭᠤᠯᠪᠠ᠃      ᠡᠷᠲᠡᠨ ᠤ ᠮᠣᠳᠣ ᠨᠡᠷᠡᠲᠦ ᠮᠣᠳᠣ  ᠨᠢ ᠳᠤᠮᠳᠠᠳᠤ ᠶᠢᠨ ᠪᠣᠯᠪᠠᠰᠤᠨ ᠤ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠢ ᠠᠴᠢᠶᠠᠯᠠᠵᠤ ᠪᠠᠶᠢᠳᠠᠭ᠂ ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠪᠣᠯ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠠᠮᠢᠳᠤᠯᠢᠭ ᠦᠢᠯᠡᠳᠦᠯᠭᠡ᠂ ᠠᠮᠢ ᠠᠬᠤᠢ ᠶᠢᠨ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠣᠲᠣᠭᠠᠳᠤ ᠱᠠᠭᠠᠷᠳᠠᠯᠭ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠷᠭ᠎ᠠ ᠵᠠᠮ ᠮᠥᠨ᠃ ᠵᠢᠷᠤᠭᠲᠤ ᠳᠡᠪᠲᠡᠷ ︽ᠥᠪᠥᠷ ᠮᠣᠩᠭᠤᠯ ᠤᠨ ᠨᠢᠭᠡᠳᠦᠭᠡᠷ ᠳᠡᠰ ᠤᠨ ᠡᠷᠲᠡᠨ ᠤ ᠮᠣᠳᠣ ᠨᠠᠷᠠᠲᠤ ᠮᠣᠳᠣ︾ ᠨᠢ ᠨᠡᠯᠢᠶᠡᠳ ᠥᠨᠳᠥᠷ ᠰᠣᠨᠢᠷᠬᠠᠯ ᠤᠨ ᠦᠨ᠎ᠡ ᠥᠷᠲᠡᠭ᠂ ᠡᠷᠳᠡᠮ ᠰᠢᠨᠵᠢᠯᠡᠭᠡᠨ ᠤ ᠰᠤᠳᠤᠯᠭᠠᠨ ᠤ ᠦᠨ᠎ᠡ ᠥᠷᠲᠡᠭ ᠪᠠ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠨ᠎ᠡ ᠥᠷᠲᠡᠭ ᠲᠠᠢ ᠪᠠᠶᠢᠵᠤ᠂ ᠮᠠᠨ ᠤ ᠣᠷᠣᠨ  ᠤ ᠡᠷᠲᠡᠨ ᠤ ᠮᠣᠳᠣ ᠨᠠᠷᠠᠲᠤ ᠮᠣᠳᠣᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠬᠠᠮᠠᠭᠠᠯᠠᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠯᠠᠪᠯᠠᠯᠲᠠ  ᠬᠠᠩᠭᠠᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ