ᠬᠤᠪᠢᠰᠬᠠᠯᠲᠤ ᠬᠥᠮᠦᠵᠢᠯ ᠤᠨ ᠰᠢᠨ᠎ᠡ ᠰᠠᠭᠤᠷᠢᠨ ᠢ ᠪᠠᠶᠢᠭᠤᠯᠵᠤ ᠵᠢᠭᠰᠠᠭᠠᠯ ᠤᠨ ᠭᠠᠵᠠᠷ ᠤᠨ ᠢᠳᠡᠪᠬᠢ ᠬᠦᠴᠦᠨ ᠢ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2025/3/5
      ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠪᠣᠯ ᠮᠠᠨ ᠤ ᠣᠷᠣᠨ ᠤ ᠠᠩᠬᠠᠳᠠᠭᠴᠢ ᠲᠣᠮᠣ ᠭᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠦᠵᠡᠰᠭᠦᠯᠡᠩ ᠤᠨ ᠣᠷᠳᠣᠨ ᠪᠤᠯᠬᠤ ᠪᠥᠭᠡᠳ ᠪᠦᠭᠦ  ᠠᠷᠠᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠤᠨ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ᠂ ᠮᠠᠨ ᠤ ᠣᠷᠣᠨ ᠤ ᠡᠯ᠎ᠡ ᠲᠠᠯ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠭᠦ ᠴᠣᠩᠬᠤᠪᠴᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠬᠤ ᠠᠵᠢᠯᠯᠠᠭᠠᠨ ᠤ ᠴᠢᠬᠤᠯᠠ ᠲᠠᠯᠠᠪᠤᠷ ᠪᠣᠯᠣᠨ᠎ᠠ᠃      ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠭᠤᠣᠯ ᠰᠡᠳᠦᠪᠲᠦ ᠦᠵᠡᠭᠦᠯᠭᠡ ᠪᠠ ᠡᠯᠪᠡᠭ ᠪᠠᠶᠠᠯᠢᠭ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ  ᠢᠯᠡᠳᠲᠡ ᠦᠷ᠎ᠡ ᠪᠦᠲᠦᠮᠵᠢ ᠣᠯᠪᠠ᠃
zf030501.png
      ᠲᠣᠮᠣ ᠭᠡᠯᠪᠡᠷᠢ ᠶᠢᠨ ᠭᠤᠣᠯ ᠰᠡᠳᠦᠪᠲᠦ ᠦᠵᠡᠭᠦᠯᠭᠡ ᠡᠷᠭᠢᠯᠡᠵᠦ ᠦᠨᠳᠦᠰᠦᠲᠡᠨ ᠨᠦᠭᠦᠳ ᠤᠨ ᠬᠠᠮᠲᠤ ᠶᠢᠨ ᠴᠣᠭᠴᠠ ᠶᠢᠨ ᠤᠬᠠᠮᠰᠠᠷ ᠢ ᠨᠢᠭᠲᠠᠷᠠᠭᠤᠯᠪᠠ      ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢᠶᠠᠷ ᠴᠢᠬᠤᠯᠠ ᠭᠠᠷᠳᠠᠴᠠ ᠪᠤᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠭᠤᠣᠯ ᠰᠡᠳᠦᠪᠲᠦ ᠦᠵᠡᠭᠦᠯᠭᠡ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ ᠡᠷᠡᠮᠡᠬᠡᠶᠢᠯᠡᠨ ᠤᠷᠤᠭᠰᠢᠯᠠᠨ᠎ᠠ - ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︾ ᠭᠤᠣᠯ ᠰᠡᠳᠦᠪᠲᠦ ᠦᠵᠡᠭᠦᠯᠭᠡ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ·ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ︾ ᠭᠤᠣᠯ ᠰᠡᠳᠦᠪᠲᠦ ᠦᠵᠡᠭᠦᠯᠭᠡ᠂ ︽ᠠᠭᠤᠤ ᠶᠡᠭᠡ ᠵᠣᠷᠢᠭ ᠰᠠᠨᠠᠭ᠎ᠠ ᠠᠭᠤᠤ ᠶᠡᠭᠡ ᠦᠢᠯᠡᠰ ᠢ ᠬᠥᠲᠥᠯᠥᠨ ᠳᠠᠭᠠᠭᠤᠯᠤᠨ᠎ᠠ·ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ︾ ᠭᠤᠣᠯ ᠰᠡᠳᠦᠪᠲᠦ ᠦᠵᠡᠭᠦᠯᠭᠡ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠡᠷᠭᠡ ᠪᠠᠷ ᠠᠴᠢᠶᠠᠯᠠᠪᠤᠷᠢ ᠪᠣᠯᠭᠠᠨ ᠤᠬᠠᠭᠤᠯᠤᠨ ᠲᠠᠶᠢᠯᠪᠤᠷᠢᠯᠠᠬᠤ ᠳᠡᠯᠭᠡᠨ ᠦᠵᠡᠭᠦᠯᠭᠡ ᠬᠢᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠤ ᠤᠬᠠᠭᠤᠯᠭ᠎ᠠ᠂ ᠬᠥᠮᠦᠵᠢᠯ᠂ ᠦᠢᠯᠡᠳᠦᠯᠭᠡ᠂ ᠪᠣᠯᠪᠠᠰᠤᠷᠠᠯ ᠵᠡᠷᠭᠡ ᠭᠤᠣᠯᠯᠠᠬᠤ ᠴᠢᠳᠠᠮᠵᠢ ᠶᠢ ᠭᠦᠢᠴᠡᠳ ᠪᠠᠳᠠᠷᠠᠭᠤᠯᠪᠠ᠃      ︽ᠡᠮᠦᠨᠡᠬᠢ ᠬᠤᠶᠠᠷ ᠦᠵᠡᠭᠦᠯᠭᠡ ᠳᠤ ᠨᠢᠭᠡᠨᠲᠡ 1800 ᠭᠠᠷᠤᠢ ᠪᠦᠯᠭᠦᠮ ᠢ ᠭᠥᠯᠢᠶᠡᠨ ᠠᠪᠴᠤ᠂ ᠲᠣᠭᠤᠷᠢᠨ ᠦᠵᠡᠭᠰᠡᠨ ᠬᠥᠮᠥᠨ ᠤ ᠲᠤᠭ᠎ᠠ 25 ᠲᠦᠮᠡᠨ ᠬᠥᠮᠥᠨ ᠤᠳᠠᠭ᠎ᠠ ᠳᠤ ᠬᠦᠷᠴᠡᠢ᠃ ᠪᠢᠳᠡ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠵᠤ᠂ ᠤᠯᠠᠨ ᠲᠦᠮᠡᠨ ᠤ ᠬᠠᠷᠢᠶᠠᠯᠠᠭᠳᠠᠬᠤ ᠰᠡᠳᠬᠢᠯᠭᠡ ᠪᠣᠯᠣᠨ ᠣᠮᠣᠭᠰᠢᠯᠲᠤ ᠰᠡᠳᠬᠢᠯᠭᠡ ᠶᠢ ᠲᠠᠰᠤᠷᠠᠯᠳᠠ ᠦᠭᠡᠢ ᠴᠢᠩᠭᠠᠳᠬᠠᠨ᠂ ᠢᠯᠳᠭᠡᠯ ᠲᠠᠶᠢᠯᠤᠮᠵᠢ᠂ ᠳᠠᠭᠤᠤ ᠬᠥᠭᠵᠢᠮ ᠤᠨ ᠨᠠᠮ ᠤᠨ ᠬᠢᠴᠢᠶᠡᠯ᠂ ᠳᠠᠭᠤᠤ ᠬᠥᠭᠵᠢᠮ ᠤᠨ ᠦᠳᠡᠰᠢᠯᠡᠭᠡ ᠵᠡᠷᠭᠡ ᠤᠯᠠᠨ ᠵᠦᠢᠯ ᠤᠨ ᠭᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠵᠡᠭᠴᠢᠳ ᠤᠨ ᠰᠡᠳᠬᠢᠯ ᠳᠤ ᠰᠠᠭᠤᠭᠳᠠᠭᠤᠯᠵᠤ ᠲᠠᠷᠢᠬᠢᠨ ᠳᠤ ᠬᠠᠳᠠᠩᠰᠢᠭᠤᠯᠪᠠ︾ ᠭᠡᠵᠦ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ᠤᠬᠠᠭᠤᠯᠭ᠎ᠠ ᠬᠥᠮᠦᠵᠢᠯ ᠤᠨ ᠬᠡᠯᠲᠡᠰ ᠤᠨ ᠡᠷᠭᠢᠯᠡᠭᠴᠢ ᠯᠢᠦ ᠰᠢᠶᠣᠣ ᠵᠢᠩ ᠬᠡᠯᠡᠪᠡ᠃      ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ᠤᠳᠤᠷᠢᠳᠬᠤ ᠪᠠᠭ ᠲᠦᠷᠦᠭᠦᠯᠡᠨ ︽ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠵᠦ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠶ᠎ᠠ - ᠡᠯ᠎ᠡ ᠠᠶᠢᠮᠠᠭ ᠬᠤᠲᠠ ᠶᠢᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠨ ᠦᠵᠡᠭᠦᠯᠭᠦ ᠬᠡᠷᠡᠭᠴᠡᠭᠡ ᠪᠠ ᠳᠡᠯᠭᠡᠨ ᠦᠵᠡᠭᠦᠯᠭᠦ ᠵᠠᠭᠪᠤᠷ ᠤᠨ ᠪᠠᠶᠢᠴᠠᠭᠠᠨ ᠰᠤᠳᠤᠯᠤᠯᠲᠠ︾᠂ ︽ᠭᠤᠣᠯ ᠰᠡᠳᠦᠪᠲᠦ ᠦᠵᠡᠭᠦᠯᠭᠡ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠴᠢᠳᠠᠮᠵᠢ ᠶᠢᠨ ᠪᠠᠶᠢᠴᠠᠭᠠᠨ ᠰᠤᠳᠤᠯᠤᠯᠲᠠ︾᠂ ︽ᠦᠵᠡᠭᠦᠯᠭᠡ ᠶᠢᠨ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ ︿ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ﹀ ᠢ ᠰᠠᠶᠢᠲᠤᠷ ᠣᠷᠣᠬᠤ︾ ᠵᠡᠷᠭᠡ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠦᠵᠡᠭᠦᠯᠭᠡ ᠶᠢᠨ ᠣᠷᠳᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠤ ᠠᠵᠢᠯ ᠤᠨ ᠳᠤᠮᠳᠠ ᠲᠤᠯᠭᠠᠷᠠᠭᠰᠠᠨ ᠲᠤᠬᠠᠶᠢᠯᠠᠭᠰᠠᠨ ᠠᠵᠢᠯ ᠤᠨ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠠᠭᠢᠭᠤᠯᠪᠠ; ᠦᠵᠡᠯ ᠤᠬᠠᠮᠰᠠᠷ ᠤᠨ ᠭᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠯᠠᠪᠤᠷ ᠣᠷᠳᠣᠨ ᠤ ᠳᠠᠪᠠᠭᠤᠯᠢᠭ ᠲᠠᠭᠠᠨ ᠲᠦᠰᠢᠭᠯᠡᠨ ᠲᠣᠮᠣ ᠭᠡᠯᠪᠡᠷᠢ ᠶᠢᠨ ᠦᠵᠡᠭᠦᠯᠭᠡ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠡᠷᠭᠢᠯᠡᠵᠦ᠂ 2024 ᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠲᠠᠶᠢᠯᠤᠮᠵᠢ ᠶᠢ ᠨᠡᠶᠢᠲᠡ 16 ᠤᠳᠠᠭ᠎ᠠ ᠡᠷᠭᠢᠯᠡᠵᠦ᠂ 2000 ᠭᠠᠷᠤᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠵᠢᠴᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠰᠤᠷᠤᠯᠴᠠᠯᠭ᠎ᠠ ᠳᠤ ᠣᠷᠣᠯᠴᠠᠵᠤ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠥᠷᠭᠡᠨ ᠳᠡᠯᠭᠡᠷ ᠤᠬᠠᠭᠤᠯᠪᠠ᠃
zf030502.png
      ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ ᠪᠠᠳᠠᠷᠠᠭᠤᠯᠵᠤ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠱᠤᠭᠤᠪᠠ     ︽ᠨᠣᠮᠢᠨ ᠨᠣᠭᠤᠭᠠᠨ ᠣᠷᠳᠣ ᠴᠠᠭᠠᠨ ᠬᠡᠷᠡᠮ ᠠᠮᠢ ᠠᠬᠤᠢ ᠶᠢᠨ ᠭᠠᠶᠢᠬᠠᠮᠰᠢᠭ - ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾᠂ ︽ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠤᠶ᠎ᠠ - ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠳᠣᠨ ᠪᠦᠲᠦᠭᠡᠯ ᠤᠨ ᠦᠵᠡᠭᠦᠯᠭᠡ︾ ᠵᠡᠷᠭᠡ ᠭᠤᠣᠯ ᠰᠡᠳᠦᠪᠲᠦ ᠦᠵᠡᠭᠦᠯᠭᠡ ᠶᠢ ᠡᠷᠭᠢᠯᠡᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠠᠭᠤᠳᠠᠯᠤᠨ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠠᠮᠢᠳᠤᠯᠢᠭ ᠦᠢᠯᠡᠳᠦᠯᠭᠡ ᠪᠠᠷ ᠤᠮᠠᠷᠠᠲᠤ ᠬᠢᠯᠢ ᠶᠢᠨ ᠰᠣᠶᠣᠯ ᠢ ᠲᠠᠶᠢᠯᠪᠤᠷᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠪᠠ᠃      ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ︽ᠳᠤᠮᠳᠠᠳᠤ ᠶᠢᠨ ᠰᠣᠶᠣᠯ ᠤᠨ ᠤᠯᠠᠮᠵᠢᠯᠠᠯ︾᠂ ︽ᠰᠢᠨ᠎ᠡ ᠴᠠᠭ ᠦᠶ᠎ᠡ ᠶᠢᠨ ᠤᠮᠠᠷᠠᠲᠤ ᠬᠢᠯᠢ︾᠂ ︽ᠤᠯᠠᠮᠵᠢᠯᠠᠯᠲᠤ ᠭᠠᠷ ᠤᠷᠠᠯᠠᠯ ᠤᠨ ᠬᠢᠴᠢᠶᠡᠯ ᠤᠨ ᠲᠠᠩᠬᠢᠮ︾᠂︽ᠤᠮᠠᠷᠠᠲᠤ ᠬᠢᠯᠢ ᠶᠢᠨ ᠰᠣᠶᠣᠯ︾ ᠤᠨ ᠦᠵᠡᠭᠦᠯᠭᠡ ᠪᠠ ᠬᠢᠴᠢᠶᠡᠯ ᠤᠨ ᠲᠠᠩᠬᠢᠮ ᠵᠡᠷᠭᠡ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ 200 ᠰᠢᠬᠠᠮ ᠲᠠᠯᠠᠪᠤᠷ ᠤᠳᠠᠭ᠎ᠠ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ ᠬᠠᠷᠢᠯᠴᠠᠨ ᠦᠢᠯᠡᠳᠦᠯᠴᠡᠬᠦ ᠪᠠᠶᠢᠳᠠᠯ ᠢ ᠪᠤᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠰᠠᠶᠢᠲᠤᠷ ᠬᠢᠵᠡᠢ᠃      ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠪᠣᠯᠤᠭᠰᠠᠨ ᠤ ᠬᠤᠪᠢ ᠳᠤ  ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠠᠮᠠᠷᠠᠯᠲᠠ ᠶᠢᠨ ᠬᠤᠭᠤᠴᠠᠭᠠᠨ ᠳᠤ ︽ᠪᠢ ᠪᠣᠯ ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ ᠪᠢᠴᠢᠬᠠᠨ ᠤᠬᠠᠭᠤᠯᠤᠨ ᠲᠠᠶᠢᠯᠪᠤᠷᠢᠯᠠᠭᠴᠢ ᠮᠥᠨ︾ ᠭᠡᠬᠦ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢ ᠤᠶᠠᠯᠳᠤᠭᠤᠯᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠳᠤᠮᠳᠠᠳᠤ ᠶᠢᠨ ᠲᠡᠦᠬᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠥᠪᠥᠷ ᠮᠣᠩᠭᠤᠯ ᠤᠨ ᠥᠯᠢᠭᠡᠷ ᠢ ᠨᠠᠩ ᠰᠠᠶᠢᠲᠤᠷ ᠶᠠᠷᠢᠭᠤᠯᠬᠤ ᠪᠣᠯᠭᠠᠪᠠ᠃︽ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠠᠴᠠ ᠥᠷᠨᠢᠭᠦᠯᠦᠭᠰᠡᠨ ︿ᠦᠨᠳᠦᠰᠦ ᠶᠢ ᠪᠣᠶᠢᠵᠢᠭᠤᠯᠵᠤ ᠰᠦᠭ ᠰᠦᠨᠡᠰᠦ ᠶᠢ ᠱᠤᠭᠤᠵᠤ ᠲᠤᠮᠳᠠᠳᠤ ᠪᠠᠨ ᠮᠠᠭᠲᠠᠨ ᠳᠠᠭᠤᠯᠠᠬᠤᠢ﹀ ᠰᠤᠳᠤᠯᠤᠨ ᠰᠤᠷᠤᠯᠴᠠᠬᠤ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠨᠢ ᠬᠤᠪᠢᠰᠬᠠᠯᠲᠤ ᠡᠯᠧᠮᠧᠨ᠋ᠲ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠪᠠᠷ ᠭᠤᠣᠯ ᠰᠢᠵᠢᠮ ᠪᠤᠯᠭᠠᠵᠤ ᠥᠪᠡᠷᠮᠢᠴᠡ ᠣᠨᠴᠠᠯᠢᠭ ᠪᠦᠬᠦᠢ ᠬᠢᠴᠢᠶᠡᠯ ᠨᠡᠭᠡᠭᠡᠨ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠲᠠᠲᠠᠬᠤ ᠬᠦᠴᠦᠨ ᠢ ᠨᠡᠮᠡᠭᠳᠡᠭᠦᠯᠵᠦ᠂ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠰᠣᠶᠣᠯ ᠤᠨ ᠢᠲᠡᠭᠡᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠪᠠ︾ ᠭᠡᠵᠦ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ᠤᠬᠠᠭᠤᠯᠭ᠎ᠠ ᠬᠥᠮᠦᠵᠢᠯ ᠤᠨ ᠬᠡᠯᠲᠡᠰ ᠤᠨ ᠡᠷᠭᠢᠯᠡᠭᠴᠢ ᠯᠢᠦ ᠰᠢᠶᠣᠣ ᠵᠢᠩ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠵᠢᠯ ᠪᠦᠷᠢ ᠶᠢᠨ ᠡᠪᠦᠯ ᠵᠣᠨ ᠤ ᠠᠮᠠᠷᠠᠯᠲᠠ  ᠶᠢᠨ ᠬᠤᠭᠤᠴᠠᠭᠠᠨ ᠳᠤ ᠴᠥᠮ ︽ᠪᠢᠴᠢᠬᠠᠨ ᠤᠬᠠᠭᠤᠯᠤᠨ ᠲᠠᠶᠢᠯᠪᠤᠷᠢᠯᠠᠭᠴᠢ︾ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠣᠲᠣ ᠪᠤᠯᠲᠠᠯ᠎ᠠ ᠨᠡᠶᠢᠳᠡ12 ᠬᠤᠭᠤᠴᠠᠭ᠎ᠠ ᠥᠷᠨᠢᠭᠦᠯᠵᠦ᠂ 400 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠬᠴᠢᠳ ᠢ ᠭᠥᠯᠢᠶᠡᠨ ᠠᠪᠴᠠᠢ᠃
zf030503.png
      ᠣᠷᠳᠣᠨ ᠪᠠ ᠰᠤᠷᠭᠠᠭᠤᠯᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠢ ᠬᠠᠮᠲᠤ  ᠪᠠᠷ ᠪᠠᠶᠢᠭᠤᠯᠪᠠ      ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠬᠠᠮᠲᠤ ᠪᠠᠷ ᠬᠥᠭᠵᠢᠬᠦ︾ ᠪᠠᠷ ᠦᠨᠳᠦᠰᠦᠨ ᠵᠠᠷᠴᠢᠮ ᠪᠤᠯᠭᠠᠵᠤ᠂ ᠡᠯ᠎ᠡ ᠶᠡᠭᠡ ᠳᠡᠭᠡᠳᠦ ᠰᠤᠷᠭᠠᠭᠤᠯᠢ ᠲᠠᠢ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠪᠠᠶᠢᠭᠤᠯᠬᠤ᠂ ᠰᠤᠷᠤᠬᠴᠢᠳ ᠤᠨ ᠳᠠᠳᠤᠯᠭ᠎ᠠ ᠪᠣᠯᠪᠠᠰᠤᠷᠠᠯ  ᠬᠢᠬᠦ᠂ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ 13 ᠶᠡᠭᠡ ᠳᠡᠭᠡᠳᠦ ᠰᠤᠷᠭᠠᠭᠤᠯᠢ  ᠲᠠᠢ ᠬᠠᠮᠲᠤᠷᠠᠨ ᠠᠵᠢᠯᠯᠠᠵᠤ  ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠰᠤᠳᠤᠯᠭᠠᠨ ︵ᠪᠣᠶᠢᠵᠢᠭᠤᠯᠬᠤ︶ ᠤ ᠰᠠᠭᠤᠷᠢᠨ ᠬᠢᠭᠡᠳ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠤ ᠠᠵᠢᠯ ᠢ ᠬᠠᠷᠢᠯᠴᠠᠨ ᠤᠶᠠᠯᠳᠤᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠬᠦ ᠵᠢᠴᠢ ᠤᠬᠠᠭᠤᠯᠭ᠎ᠠ ᠬᠥᠮᠦᠵᠢᠯ ᠤᠨ ᠴᠢᠳᠠᠪᠤᠷᠢᠲᠠᠨ ᠢ ᠨᠥᠭᠡᠴᠡᠯᠡᠬᠦ ᠳᠤ ᠪᠠᠲᠤᠯᠠᠭ᠎ᠠ ᠬᠠᠩᠭᠠᠪᠠ᠃      ︽ᠣᠶᠢᠷ᠎ᠠ ᠶᠢᠨ ᠵᠢᠯ ᠠᠴᠠ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠪᠣᠯᠣᠨ ᠶᠡᠭᠡ ᠳᠡᠭᠡᠳᠦ ᠰᠤᠷᠭᠠᠭᠤᠯᠢ ᠶᠢᠨ ᠬᠠᠮᠲᠤ ᠪᠠᠷ ᠪᠠᠶᠢᠭᠤᠯᠬᠤ ᠠᠵᠢᠯ ᠨᠡᠯᠢᠶᠡᠳ ᠤᠷᠤᠭᠰᠢᠲᠠᠢ ᠶᠠᠪᠤᠭᠳᠠᠵᠤ᠂ ᠰᠤᠷᠤᠬᠴᠢᠳ ᠤᠨ ᠬᠢᠴᠢᠶᠡᠯ ᠤᠨ ᠭᠠᠳᠠᠨᠠᠬᠢ ᠦᠢᠯᠡᠳᠦᠯᠭᠡ ᠬᠥᠮᠦᠵᠢᠯ᠂ ᠨᠠᠮ ᠤᠨ ᠪᠠᠶᠢᠳᠠᠯ ᠤᠯᠤᠰ ᠤᠨ ᠪᠠᠶᠢᠳᠠᠯ ᠣᠷᠣᠨ ᠤ ᠪᠠᠶᠢᠳᠠᠯ ᠤᠨ ᠬᠥᠮᠦᠵᠢᠯ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠤᠯᠠᠮᠵᠢᠯᠠᠯᠲᠤ ᠭᠠᠷ ᠤᠷᠠᠯᠠᠯ ᠢ ᠰᠢᠨᠡᠴᠢᠯᠡᠨ ᠬᠥᠭᠵᠢᠭᠦᠯᠬᠦ᠂ ᠰᠣᠶᠣᠯ ᠤᠨ ᠪᠦᠲᠦᠭᠡᠯᠴᠢ ᠦᠢᠯᠡᠳᠬᠦᠨ ᠤ ᠵᠢᠷᠤᠭ ᠲᠥᠰᠥᠪᠯᠡᠯ ᠵᠡᠷᠭᠡ ᠰᠡᠳᠦᠪ ᠤᠨ ᠲᠣᠭᠤᠷᠢᠨ ᠳᠤ ᠰᠤᠳᠤᠯᠭᠠᠨ ᠬᠢᠵᠦ ᠮᠡᠳᠡᠭᠳᠡᠮ᠎ᠡ ᠦᠷ᠎ᠡ ᠪᠦᠲᠦᠭᠡᠯ ᠣᠯᠵᠤ᠂ ᠰᠣᠶᠣᠯ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ︾ ᠭᠡᠵᠦ ᠭᠡᠵᠦ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ᠨᠠᠮ ᠤᠨ ᠶᠡᠷᠦᠩᠬᠡᠢ ᠡᠭᠦᠷ ᠤᠨ ᠱᠦᠵᠢ᠂ ᠣᠷᠳᠣᠨ ᠤ ᠳᠠᠷᠤᠭ᠎ᠠ ᠰᠢᠶᠠ ᠰᠢᠤᠸᠠᠢ ᠹᠧᠩ ᠲᠠᠨᠢᠯᠴᠠᠭᠤᠯᠪᠠ᠃ ᠣᠶᠢᠷ᠎ᠠ ᠶᠢᠨ ᠭᠤᠷᠪᠠᠨ ᠵᠢᠯ ᠳᠤ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠬᠠᠮᠲᠤᠷᠠᠯᠴᠠᠭ᠎ᠠ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠯᠤᠭ᠎ᠠ 500 ᠭᠠᠷᠤᠢ ᠲᠠᠯᠠᠪᠤᠷ ᠠᠵᠢᠯᠯᠠᠭ᠎ᠠ ᠥᠷᠨᠢᠭᠦᠯᠵᠦ᠂ 3 ᠲᠦᠮᠡ ᠭᠠᠷᠤᠢ ᠬᠥᠮᠥᠨ ᠤᠳᠠᠭ᠎ᠠ ᠣᠷᠣᠯᠴᠠᠪᠠ᠃ 2024 ᠣᠨ ᠳᠤ ᠡᠯ᠎ᠡ ᠭᠤᠣᠯ ᠰᠡᠳᠦᠪᠲᠦ ᠦᠵᠡᠭᠦᠯᠭᠡ᠂ ᠳᠡᠯᠭᠡᠨ ᠦᠵᠡᠭᠦᠯᠭᠡ ᠵᠢᠴᠢ ᠨᠡᠶᠢᠭᠡᠮ ᠤᠨ ᠬᠥᠮᠦᠵᠢᠯ ᠵᠡᠷᠭᠡ 11 ᠲᠦᠷᠦᠯ ᠤᠨ ᠳᠡᠯᠭᠡᠨ ᠦᠵᠡᠭᠦᠯᠭᠦ ᠠᠵᠢᠯᠯᠠᠭ᠎ᠠ ᠪᠠ 180 ᠲᠠᠯᠠᠪᠤᠷ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠲᠥᠪ ᠤᠨ ᠪᠠ ᠡᠯ᠎ᠡ ᠮᠤᠵᠢ ᠶᠢᠨ ᠭᠤᠣᠯᠳᠠᠯᠭ᠎ᠠ ᠲᠠᠢ ᠪᠦᠯᠭᠦᠮ ᠢ 60 ᠤᠳᠠᠭ᠎ᠠ ᠭᠥᠯᠢᠶᠡᠨ ᠠᠪᠴᠤ᠂ 95 ᠲᠦᠮᠡ ᠰᠢᠬᠠᠮ ᠬᠥᠮᠥᠨ ᠤᠳᠠᠭ᠎ᠠ ᠳᠤ ᠦᠢᠯᠡᠴᠢᠯᠡᠪᠡ᠃      ᠰᠡᠳᠬᠢᠴᠡ ᠲᠣᠳᠣᠷᠬᠠᠢ ᠪᠣᠯ ᠵᠠᠮ ᠰᠢᠯᠤᠭᠤᠨ᠃ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠬᠢᠬᠦ ᠲᠣᠭᠤᠷᠢᠨ ᠳᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠳᠡᠯᠭᠡᠨ ᠦᠵᠡᠭᠦᠯᠭᠦ ᠴᠣᠩᠬᠤᠪᠴᠢ ᠪᠠ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃       ︵ᠭᠡᠷᠡᠯ ᠵᠢᠷᠤᠭ ᠤᠳ ᠪᠣᠯ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠬᠡᠰᠡᠭ ᠦᠵᠡᠭᠳᠡᠯ ᠪᠣᠯᠣᠨ᠎ᠠ︶ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ