ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠪᠴᠢᠯᠠᠯ︕ ᠵᠥᠪᠬᠡᠨ 800 ᠦᠰᠦᠭ ᠲᠠᠢ
ᠨᠡᠶᠢᠲᠡᠯᠡᠭᠰᠡᠨ ᠴᠠᠭ᠄
2025/3/5
     3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠰᠠᠶᠢᠳ ᠯᠢ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠂ ᠭᠤᠣᠯ ᠪᠣᠯᠬᠤ ᠵᠦᠢᠯᠡᠰ  ᠨᠢ ᠳᠣᠣᠷᠠᠬᠢ ᠮᠡᠲᠦ᠄    ᠨᠢᠭᠡ᠂ 2024 ᠣᠨ ᠤ ᠠᠵᠢᠯ ᠤᠨ ᠡᠷᠭᠢᠴᠡᠭᠦᠯᠦᠯ    ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 5% ᠪᠠᠷ ᠨᠡᠮᠡᠭᠳᠡᠪᠡ    ᠠᠮᠤ ᠪᠤᠳᠠᠭᠠᠨ ᠤ ᠤᠨᠠᠯᠲᠠ 1.4 ᠲᠦᠮᠡᠨ ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠠᠩᠬ᠎ᠠ ᠤᠳᠠᠭ᠎ᠠ ᠭᠠᠷᠪᠠ    ᠬᠤᠲᠠ ᠪᠠᠯᠭᠠᠰᠤᠨ ᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ    ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ ᠳᠠᠪᠠᠪᠠ    ᠬᠤᠶᠠᠷ᠂ ᠡᠨᠡ ᠵᠢᠯ ᠤᠨ ᠵᠢᠱᠢᠭᠰᠡᠨ ᠭᠤᠣᠯ ᠬᠠᠷᠠᠯᠲᠠ    ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ    ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ    ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢ 2% ᠣᠷᠴᠢᠮ ᠬᠢᠵᠠᠭᠠᠷᠯᠠᠨ᠎ᠠ    ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠬᠦᠷᠭᠡᠨ᠎ᠡ    ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠨᠢᠭᠡᠴᠢ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠤᠨ᠎ᠠ    ᠭᠤᠷᠪᠠ᠂ ᠡᠨᠡ ᠵᠢᠯ ᠤᠨ ᠬᠡᠰᠡᠭ ᠭᠤᠣᠯᠳᠠᠯᠭ᠎ᠠ ᠲᠠᠢ ᠠᠵᠢᠯ    ᠡᠳ᠋ ᠤᠨ ᠵᠠᠰᠠᠭ᠄ ᠤᠯᠠᠭᠠᠨ ᠲᠣᠭᠠᠨ ᠤ ᠨᠤᠷᠮ᠎ᠠ ᠶᠢ 4% ᠣᠷᠴᠢᠮ ᠢᠶᠠᠷ ᠲᠣᠬᠢᠷᠠᠭᠤᠯᠵᠤ᠂ ᠤᠯᠠᠭᠠᠨ ᠲᠣᠭᠠᠨ ᠤ ᠬᠡᠪᠴᠢᠶ᠎ᠡ ᠶᠢ ᠲᠦᠷᠦᠭᠦᠦ ᠵᠢᠯ ᠤᠨ  ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ    ᠵᠠᠰᠠᠭ ᠤᠨ ᠣᠷᠳᠣᠨ ᠤ ᠪᠡᠯᠡ ᠣᠷᠣᠭᠤᠯᠤᠯᠲᠠ᠄ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4.4 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡᠨ ᠤ ᠶᠡᠷᠦᠩᠬᠡᠢ ᠬᠡᠪᠴᠢᠶᠡᠵᠢᠯ ᠢ ᠨᠡᠶᠢᠲᠡ 11.86 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ    ᠤᠯᠤᠰ ᠤᠨ ᠣᠨᠴᠠᠭᠠᠢ ᠵᠢᠭᠡᠯᠡᠯᠭᠡ᠄ ᠬᠡᠳᠦ ᠤᠷᠳᠤ ᠬᠤᠭᠤᠴᠠᠭᠠᠲᠤ ᠤᠯᠤᠰ ᠤᠨ ᠣᠨᠴᠠᠭᠠᠢ ᠵᠢᠭᠡᠯᠡᠯᠭᠡ ᠶᠢ 1.3 ᠲᠦᠮᠡᠨ ᠳ᠋ᠦᠩᠰᠢᠭᠤᠷ ᠲᠥᠭᠦᠷᠢᠭ ᠲᠠᠷᠬᠠᠭᠠᠵᠤ᠂ ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠤᠯᠤᠰ ᠤᠨ ᠣᠨᠴᠠᠭᠠᠶ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ    ᠬᠡᠷᠡᠭᠯᠡᠭᠡ᠄ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠳᠦ ᠣᠷᠳᠣ ᠬᠤᠭᠤᠴᠠᠭᠠᠲᠤ ᠤᠯᠤᠰ ᠤᠨ ᠣᠨᠴᠠᠭᠠᠢ ᠵᠢᠭᠡᠯᠡᠯᠭᠡ ᠶᠢ 3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ    ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠄ ᠬᠤᠳᠠᠯᠳᠤᠭᠠᠨ ᠤ ᠰᠠᠨᠰᠠᠷ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠡᠭᠦᠰᠦᠭᠰᠡᠨ ᠠᠵᠤ ᠦᠢᠯᠡᠰ ᠤᠨ ᠠᠮᠤᠷ ᠲᠦᠪᠰᠢᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠠᠮᠢᠳᠤ ᠪᠣᠳᠠᠰ ᠤᠨ ᠦᠢᠯᠡᠳᠬᠡᠯ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠡᠶᠡᠲᠦ ᠤᠶᠤᠨ᠂ 6G ᠵᠡᠷᠭᠡ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ᠎ᠠ᠃ ᠦᠢᠯᠡᠳᠬᠡᠯ ᠤᠨ ᠦᠢᠯᠡᠰ ᠢ ᠳ᠋ᠢᠭᠢᠲᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠨᠢ ᠲᠦᠷᠭᠡᠳᠬᠡᠨ᠎ᠡ᠃ ᠣᠶᠤᠨᠴᠢ ᠰᠦᠯᠵᠢᠶᠡᠲᠦ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ ᠭᠠᠷ ᠤᠲᠠᠰᠤ ᠪᠠ ᠺᠣᠮᠫᠢᠦ᠋ᠲ᠋ᠧᠷ᠂ ᠣᠶᠤᠨᠴᠢ ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠣᠶᠤᠨᠴᠢ ᠦᠵᠦᠭᠦᠷ ᠵᠢᠴᠢ ᠣᠶᠤᠨᠴᠢ ᠦᠢᠯᠡᠳᠬᠡᠯ ᠲᠣᠨᠣᠭᠯᠠᠯ ᠢ ᠶᠡᠭᠡ ᠪᠠᠷ ᠬᠥᠭᠵᠢᠭᠦᠯᠦᠨ᠎ᠡ    ᠰᠤᠷᠭᠠᠨ ᠬᠥᠮᠦᠵᠢᠯ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠵᠦ᠂ ᠰᠦᠢᠳᠬᠡᠯ ᠦᠯᠦ ᠬᠤᠷᠢᠶᠠᠬᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠢ ᠢᠳᠡᠭ ᠢᠳᠡᠭ ᠢᠶᠠᠷ ᠳᠡᠯᠭᠡᠷᠡᠭᠦᠯᠦᠨ᠎ᠡ    ᠵᠠᠬ᠎ᠠ ᠳᠡᠯᠭᠡᠭᠦᠷ ᠤᠨ ᠣᠷᠴᠢᠨ ᠨᠥᠬᠦᠴᠡᠯ᠄ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠤᠨ ᠠᠰᠠᠭᠤᠳᠠᠯ ᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠦᠨ᠎ᠡ    ᠨᠡᠭᠡᠭᠡᠯᠲᠡ᠄ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠳᠠᠬᠢ ᠡᠮᠬᠢ ᠵᠢᠷᠤᠮ ᠲᠠᠢ ᠨᠡᠭᠡᠭᠡᠯᠲᠡ ᠶᠢ ᠠᠬᠢᠭᠤᠯᠵᠤ᠂ ᠴᠠᠬᠢᠯᠭᠠᠨ ᠬᠤᠯᠪᠣᠭ᠎ᠠ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ᠎ᠡ    ᠣᠷᠣᠨ ᠰᠠᠭᠤᠴᠠ᠄ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠭᠤᠷᠠᠯᠲᠠ ᠶᠢ ᠵᠣᠭᠰᠣᠭᠠᠨ ᠲᠣᠭᠲᠠᠪᠤᠷᠢᠵᠢᠭᠤᠯᠬᠤ ᠲᠡᠶᠢᠰᠢ ᠦᠷᠭᠦᠯᠵᠢᠯᠡᠨ ᠬᠦᠴᠦᠯᠡᠨ ᠠᠬᠢᠭᠤᠯᠤᠨ᠎ᠠ᠃ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠦᠴᠦᠯᠡᠨ ᠬᠡᠷᠡᠭᠵᠢᠭᠦᠯᠦᠨ᠎ᠡ᠃ ᠦᠯᠡᠳᠡᠭᠡᠯ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠶᠢ ᠠᠬᠢᠭᠤᠯᠤᠨ᠎ᠠ᠃ ᠪᠠᠲᠤᠯᠠᠨ ᠲᠤᠰᠢᠶᠠᠬᠤ ᠭᠡᠷ ᠪᠠᠶᠢᠰᠢᠩ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠡ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠄ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠢᠶᠠᠷ ᠠᠰᠢᠭ ᠲᠤᠰᠠ ᠶᠢ ᠨᠥᠬᠦᠪᠦᠷᠢᠯᠡᠭᠦᠯᠬᠦ ᠶᠢ ᠡᠬᠢᠯᠡᠭᠦᠯᠵᠦ᠂ ᠠᠮᠤ ᠪᠤᠳᠠᠭᠠᠨ ᠤ ᠤᠨᠠᠯᠲᠠ ᠶᠡᠬᠡᠲᠡᠢ ᠰᠢᠶᠠᠨ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠦᠨ᠎ᠡ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ    ᠬᠤᠲᠠ ᠪᠠᠯᠭᠠᠰᠤᠵᠢᠯᠲᠠ᠄ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭᠠᠨ ᠳᠤ ᠣᠷᠣᠭᠤᠯᠬᠤ ᠶᠢ ᠠᠬᠢᠭᠤᠯᠤᠨ᠎ᠠ᠃ ᠬᠤᠲᠠ ᠶᠢᠨ ᠰᠢᠨᠡᠴᠢᠯᠡᠯᠲᠡ ᠪᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠤᠨ᠎ᠠ    ᠠᠮᠢ ᠠᠬᠤᠢ᠄ ᠪᠣᠬᠢᠷᠲᠤᠯ ᠦᠭᠡᠢ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠦᠷᠢᠯᠳᠦᠭᠦᠯᠬᠦ ᠶᠢ ᠠᠬᠢᠭᠤᠯᠤᠨ᠎ᠠ    ᠠᠵᠢᠯ ᠣᠯᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠠᠷᠭ᠎ᠠ ᠵᠠᠮ ᠢ ᠥᠷᠭᠡᠳᠬᠡᠨ᠎ᠡ᠃ ᠠᠮᠢᠳᠤᠯᠢᠭ ᠢᠶᠠᠷ ᠠᠵᠢᠯ ᠣᠯᠬᠤ ᠪᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠨ ᠤ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ    ᠡᠮᠴᠢᠯᠡᠭᠡ ᠡᠷᠡᠭᠦᠯ ᠬᠠᠮᠠᠭᠠᠯᠠᠯ᠄ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠳᠠᠬᠢᠨ ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ    ᠨᠡᠶᠢᠭᠡᠮ ᠤᠨ ᠪᠠᠲᠤᠯᠠᠭ᠎ᠠ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠳᠠᠬᠢᠨ 20 ᠲᠥᠭᠦᠷᠢᠭ ᠳᠡᠭᠡᠭᠰᠢᠯᠡᠭᠦᠯᠦᠨ᠎ᠡ᠃ ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠣᠶᠢᠵᠢᠭᠤᠯᠬᠤ ᠨᠥᠬᠦᠪᠦᠷᠢ ᠣᠯᠭᠤᠨ᠎ᠠ     
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ