ᠠᠷᠪᠠᠳᠤᠭᠠᠷ ᠪᠦᠯᠦᠭ ᠤᠨ ᠪᠥᠬᠦ ᠣᠷᠣᠨ ᠤ ᠠᠵᠢᠯ ᠤᠨ ᠪᠠᠶᠢᠷᠢ ᠳᠠᠭᠠᠨ ᠯᠸᠢ ᠹᠧᠩ ᠠᠴᠠ ᠰᠤᠷᠤᠯᠴᠠᠭᠰᠠᠨ ᠳᠠᠭᠤᠷᠢᠶᠠᠯ ᠪᠣᠯᠣᠭᠰᠠᠨ ᠨᠡᠷᠡᠰ ᠲᠤ ᠬᠥᠬᠡᠬᠤᠲᠠ ᠶᠢᠨ 1 ᠬᠠᠮᠲᠤ ᠨᠡᠶᠢᠲᠡ 2 ᠬᠤᠪᠢ ᠬᠥᠮᠥᠨ ᠲᠣᠳᠣᠷᠠᠪᠠ
ᠨᠡᠶᠢᠲᠡᠯᠡᠭᠰᠡᠨ ᠴᠠᠭ᠄
2025/3/6
      ︵ᠰᠤᠷᠪᠤᠯᠵᠢᠯᠠᠭᠴᠢ ᠯᠢᠦᠢ ᠬᠤᠢ ᠱᠧᠩ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠠᠷᠪᠠᠳᠤᠭᠠᠷ ᠪᠦᠯᠦᠭ ᠤᠨ ᠪᠥᠬᠦ ᠣᠷᠣᠨ ᠤ ᠠᠵᠢᠯ ᠤᠨ ᠪᠠᠶᠢᠷᠢ ᠳᠠᠭᠠᠨ ᠯᠸᠢ ᠹᠧᠩ ᠠᠴᠠ ᠰᠤᠷᠤᠯᠴᠠᠭᠰᠠᠨ ᠳᠠᠭᠤᠷᠢᠶᠠᠯ ᠪᠣᠯᠣᠭᠰᠠᠨ ᠨᠡᠷᠡᠰ ᠲᠤ᠂ 20 ᠬᠠᠮᠲᠤ ᠨᠡᠶᠢᠲᠡ᠂ 30 ᠬᠤᠪᠢ ᠬᠥᠮᠦᠨ ᠢ ᠨᠡᠷᠡᠶᠢᠳᠬᠦ ᠪᠠᠷ ᠲᠣᠭᠲᠠᠪᠠ᠃ ᠡᠭᠦᠨ ᠳᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠠᠷᠠᠭᠤᠨ ᠵᠡᠭᠡᠯᠢ ᠵᠡᠭᠡᠯᠢ ᠭᠤᠲᠤᠮᠵᠢ ᠶᠢᠨ ᠰᠢᠩ ᠾᠥᠸᠧ ᠰᠢᠶᠠᠩ ᠨᠡᠶᠢᠭᠡᠮ ᠲᠣᠭᠤᠷᠢᠭ᠂ ᠬᠥᠬᠡᠬᠤᠲᠠ ᠶᠢᠨ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠺᠦᠨ ᠰᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠭᠡᠰᠢᠭᠦᠨ᠂ ᠲᠣᠣᠷᠵᠢᠯ ᠤᠨ ᠠᠵᠢᠯᠲᠠᠨ ᠨᠢᠤ ᠢᠦᠶ ᠯᠦᠩ ᠪᠣᠯᠤᠨ ᠬᠥᠬᠡᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠭ᠎ᠠ ᠶᠢᠨ ᠰᠠᠯᠠᠭᠠᠨ ᠤ ︽ᠰᠢᠶᠤᠤ ᠰᠢ ᠲᠣᠭᠤᠷᠢᠨ ᠴᠠᠭᠳᠠᠬᠤ︾ ᠪᠤᠯᠤᠩ ᠤᠨ ᠠᠵᠢᠯ ᠤᠨ ᠲᠠᠰᠤᠭ ᠤᠨ ᠡᠷᠬᠢᠯᠡᠭᠴᠢ ᠴᠢᠶᠣᠤ ᠱᠢ ᠬᠤᠸᠠ ᠨᠡᠷᠡᠰ ᠲᠤ ᠵᠢᠭᠰᠠᠭᠠᠭᠳᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯ ᠤᠨ ᠪᠠᠶᠢᠷᠢ ᠳᠠᠭᠠᠨ ᠯᠸᠢ ᠹᠧᠩ ᠠᠴᠠ ᠰᠤᠷᠤᠯᠴᠠᠭᠰᠠᠨ ᠳᠠᠭᠤᠷᠢᠶᠠᠯ ᠪᠣᠯᠣᠭᠰᠠᠨ ᠨᠡᠷᠡᠰ ᠲᠤ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ᠂ ᠡᠮᠨᠡᠯᠭᠡ ᠶᠢᠨ ᠬᠤᠷᠢᠶ᠎ᠠ᠂ ᠴᠡᠷᠢᠭ ᠠᠩᠭᠢ ᠵᠡᠷᠭᠡ ᠡᠯ᠎ᠡ ᠬᠦᠷᠢᠶ᠎ᠡ᠂ ᠡᠯ᠎ᠡ ᠹᠷᠣᠨᠲ ᠢ ᠬᠠᠮᠤᠷᠤᠭᠰᠠᠨ ᠪᠠᠶᠢᠨ᠎ᠠ᠃ ᠲᠡᠳᠡ ᠡᠭᠡᠯ ᠵᠢᠷ ᠤᠨ ᠠᠵᠢᠯ ᠤᠨ ᠪᠠᠶᠢᠷᠢᠨ ᠳᠤ ᠪᠠᠨ ᠶᠡᠷᠦ ᠪᠤᠰᠤ ᠶᠢᠨ ᠠᠮᠵᠢᠯᠲᠠ ᠪᠠ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠸᠢ ᠹᠧᠩ ᠤᠨ ᠦᠯᠢᠭᠡᠷ ᠢ ᠪᠢᠴᠢᠭᠯᠡᠵᠦ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠰᠢᠯᠢᠳᠡᠭ ᠲᠥᠯᠥᠭᠡᠯᠡᠭᠴᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠵᠢᠱᠢᠶᠡᠴᠢ ᠦᠢᠯᠡᠳᠦᠯᠭᠡᠵᠢᠭᠦᠯᠦᠭᠴᠢ ᠪᠣᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ