ᠮᠠᠷᠳᠠᠵᠤ ᠪᠤᠯᠤᠰᠢ ᠦᠭᠡᠢ ᠲᠡᠥᠬᠡ᠂ ᠬᠤᠪᠢᠰᠬᠠᠯᠴᠢᠳ ᠤᠨ ᠴᠠᠳᠢᠭ —  ᠶᠠᠩ ᡁᠢ ᠯᠢᠨ
ᠨᠡᠶᠢᠲᠡᠯᠡᠭᠰᠡᠨ ᠴᠠᠭ᠄
2025/3/6
      ᠶᠠᠩ ᡁᠢ ᠯᠢᠨ ︵1911-1992 ᠤᠨ︶ ᠢᠤᠢ ᠰᠠᠨ᠂ ᠸᠠᠩ ᠱᠢ ᠮᠢᠨ᠂ ᠲᠢᠶᠠᠨ ᠬᠤᠩ᠂ ᠴᠠᠩ ᠡᠾᠧ ᠵᠡᠷᠭᠡ ᠨᠡᠷ᠎ᠡ ᠶᠢ ᠬᠡᠷᠡᠭᠯᠡᠵᠦ ᠥᠩᠭᠡᠷᠡᠵᠡᠢ᠃ ᠡᠷᠡᠭᠲᠡᠶ᠂ ᠬᠢᠲᠠᠳ ᠦᠨᠳᠦᠰᠦᠲᠡᠨ᠂ ᠲᠦᠮᠡᠳ ᠬᠤᠰᠢᠭᠤᠨ ᠤ ᠱᠢ ᠪᠤᠤ ᠴᠢ ᠲᠣᠰᠬᠤᠨ ᠤ ᠬᠥᠮᠦᠨ᠂ ᠶᠠᠳᠠᠭᠤ ᠲᠠᠷᠢᠶᠠᠴᠢᠨ ᠤ ᠭᠠᠷᠤᠯ ᠲᠠᠢ᠃ 1925 ᠣᠨ ᠳᠤ ᠮᠣᠩᠭᠤᠯ ᠦᠨᠳᠦᠰᠦᠲᠡᠨ ᠤ ᠡᠪ ᠬᠠᠮᠲᠤ ᠨᠠᠮ ᠤᠨ ᠭᠡᠰᠢᠭᠦᠨ ᠵᠠᠶᠠᠭᠠᠲᠠᠢ ᠲᠠᠢ ᠲᠠᠨᠢᠯᠴᠠᠵᠤ᠂ ᠬᠤᠪᠢᠰᠬᠠᠯ ᠳᠤ ᠣᠷᠣᠯᠴᠠᠵᠤ᠂ ᠲᠤᠰ ᠵᠢᠯ ᠤᠨ ᠡᠴᠦᠰ ᠲᠤ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠪᠠ᠃ ᠳᠠᠷᠠᠭ᠎ᠠ ᠨᠢ ᠰᠦᠢᠶᠤᠸᠠᠨ ᠣᠷᠣᠨ ᠤ ᠲᠠᠷᠢᠶᠠᠴᠢᠳ ᠤᠨ ᠬᠥᠳᠡᠯᠭᠡᠭᠡᠨ ᠳᠤ ᠣᠷᠣᠯᠴᠠᠵᠤ᠂  ᠭᠦᠢ ᠰᠦᠢ ᠰᠢᠶᠠᠨ ᠤ ᠲᠠᠷᠢᠶᠠᠴᠢᠨ ᠤ ᠨᠡᠶᠢᠭᠡᠮᠯᠢᠭ ᠤᠨ ᠨᠠᠷᠢᠨ ᠪᠢᠴᠢᠭᠡᠴᠢ ᠪᠣᠯᠪᠠ᠃ 1927 ᠣᠨ ᠤ 3 ᠳ᠋ᠤᠭᠠᠷ ᠰᠠᠷ᠎ᠠ ᠶᠢᠨ ︽ᠭᠦ᠋ ᠾᠦᠨ ᠲᠠᠨ︾ ᠤ ᠬᠡᠷᠡᠭ ᠬᠤᠪᠢᠰᠤᠯ ᠳᠤ ᠲᠡᠷᠡ ᠭᠠᠴᠢᠭᠳᠠᠯᠲᠤ ᠠᠷᠠᠳ ᠤᠨ ᠬᠤᠷᠠᠯ ᠤᠨ ᠠᠷᠤ ᠲᠠᠯ᠎ᠠ ᠶᠢᠨ ᠬᠠᠩᠭᠠᠯᠭ᠎ᠠ ᠶᠢᠨ ᠠᠵᠢᠯ ᠢ ᠬᠠᠷᠢᠭᠤᠴᠠᠵᠠᠢ᠃ 1930 ᠣᠨ ᠳᠤ ᠪᠧᠶᠢᠫᠢᠩ ᠤᠨ ᠰᠢᠨ᠎ᠡ  ᠬᠦᠳᠡᠭᠡ ᠬᠥᠳᠡᠭᠡ ᠠᠵᠤ ᠠᠬᠤᠢ ᠶᠢᠨ ᠰᠤᠷᠭᠠᠭᠤᠯᠢ ᠳᠤ ᠪᠢᠴᠢᠭ ᠦᠵᠡᠬᠦ ᠦᠶ᠎ᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃      1931 ᠣᠨ ᠳᠤ ᠶᠠᠩ ᡁᠢ ᠯᠢᠨ ᠬᠥᠬᠡᠬᠤᠲᠠ ᠳᠤ ᠪᠤᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠬᠤᠲᠠ ᠶᠢᠨ ᠬᠤᠷᠢᠶ᠎ᠠ ᠲᠠᠢ ᠬᠠᠷᠢᠴᠠᠭ᠎ᠠ ᠪᠠᠨ ᠵᠠᠯᠭᠠᠵᠤ ᠠᠪᠤᠪᠠ᠃ ᠤᠳᠠᠭᠰᠠᠨ ᠦᠭᠡᠢ᠂ ᠰᠦᠢᠶᠤᠸᠠᠨ ᠣᠨᠴᠠᠭᠠᠢ ᠬᠤᠷᠢᠶ᠎ᠠ ᠡᠪᠳᠡᠭᠳᠡᠵᠦ᠂ ᠲᠡᠷᠡ ᠪᠠᠰᠠ ᠭᠢᠨᠳᠠᠨ ᠳᠤ ᠣᠷᠣᠵᠠᠢ᠃ ᠭᠢᠨᠳᠠᠨ ᠳᠤ ᠲᠡᠷᠡ ᠨᠤᠭᠤᠷᠠᠰᠢ ᠦᠭᠡᠢ ᠪᠠᠲᠤ ᠴᠢᠩᠭ᠎ᠠ ᠵᠣᠷᠢᠭ ᠢ ᠪᠠᠷᠢᠵᠤ᠂ ᠡᠪ ᠬᠠᠮᠲᠤ ᠨᠠᠮ ᠤᠨ ᠭᠡᠰᠢᠭᠦᠨ ᠤ ᠬᠢᠷᠢ ᠬᠡᠮ ᠢᠶᠠᠨ ᠮᠡᠳᠡᠭᠳᠡᠭᠰᠡᠨ ᠦᠭᠡᠢ᠂ ᠰᠦᠢᠶᠤᠸᠠᠨ ᠭᠤᠮᠢᠨᠳᠠᠩ ᠤᠨ ᠡᠷᠬᠡ ᠪᠠᠷᠢᠭᠴᠢᠳ ︽ᠡᠪ ᠬᠠᠮᠲᠤ ᠨᠠᠮ ᠤᠨ ᠰᠡᠵᠢᠭ ᠲᠠᠢ︾ ᠶᠠᠯ᠎ᠠ ᠪᠠᠷ ᠬᠤᠶᠠᠷ ᠵᠢᠯ ᠬᠠᠭᠠᠰ ᠬᠤᠷᠢᠬᠤ ᠪᠠᠷ ᠰᠢᠢᠳᠬᠡᠵᠡᠢ᠃ ᠰᠦᠢᠶᠤᠸᠠᠨ ᠬᠤᠲᠠ ᠶᠢᠨ ︽ᠨᠢᠭᠡᠳᠦᠭᠡᠷ ᠵᠢᠱᠢᠶᠡᠴᠢ ᠭᠢᠨᠳᠠᠨ︾ ᠳᠤ ᠡᠷᠡᠭᠦᠦ ᠰᠢᠢᠳᠬᠡᠯ ᠬᠦᠯᠢᠶᠡᠵᠦ ᠪᠠᠶᠢᠭ᠎ᠠ ᠬᠤᠭᠤᠴᠠᠭᠠᠨ ᠳᠤ᠂ ᠸᠠᠩ ᠷᠦᠸᠧ ᠹᠧᠢ ᠶᠢᠨ ᠤᠳᠤᠷᠢᠳᠤᠯᠭ᠎ᠠ ᠳᠣᠣᠷ᠎ᠠ ᠭᠢᠨᠳᠠᠨ ᠳᠤ ᠲᠡᠮᠡᠴᠡᠯ ᠦᠷᠨᠢᠭᠦᠯᠵᠦ ᠪᠠᠶᠢᠪᠠ᠃ 1933 ᠣᠨ ᠤ 10 ᠳ᠋ᠤᠭᠠᠷ ᠰᠠᠷ᠎ᠠ ᠳᠤ ᠭᠢᠨᠳᠠᠨ ᠠᠴᠠ ᠭᠠᠷᠴᠠᠢ᠃ 1934 ᠣᠨ ᠳᠤ ᠨᠤᠲᠤᠭ ᠲᠤ ᠪᠠᠨ ᠯᠢᠦ ᠬᠤᠩ ᠰᠢᠶᠦ᠋ᠩ ᠨᠠᠷ ᠲᠠᠢ ᠬᠠᠮᠲᠤ ᠮᠢᠩ ᠶᠠᠨ ᠪᠠᠭ᠎ᠠ ᠰᠤᠷᠭᠠᠭᠤᠯᠢ ᠪᠠᠷ ᠰᠠᠭᠤᠷᠢᠨ ᠭᠠᠵᠠᠷ ᠪᠣᠯᠭᠠᠵᠤ᠂ ᠨᠢᠭᠤᠴᠠ ᠬᠤᠪᠢᠰᠬᠠᠯ ᠤᠨ ᠠᠵᠢᠯᠯᠠᠭ᠎ᠠ ᠥᠷᠨᠢᠭᠦᠯᠵᠦ᠂ ᠰᠦᠢᠶᠤᠸᠠᠨ ᠤ ᠵᠠᠯᠠᠭᠤᠴᠤᠳ ᠤᠨ ᠳᠠᠪᠰᠢᠩᠭᠤᠢ ᠦᠵᠡᠯ ᠰᠠᠨᠠᠭ᠎ᠠ ᠰᠣᠶᠣᠯ ᠤᠨ ᠬᠥᠳᠡᠯᠭᠡᠭᠡᠨ ᠳᠤ ᠣᠷᠣᠯᠴᠠᠪᠠ᠃ 1936 ᠣᠨ ᠠᠴᠠ 1937 ᠣᠨ ᠪᠣᠯᠲᠠᠯ᠎ᠠ ᠬᠥᠬᠡᠬᠤᠲᠠ ᠶᠢᠨ ᠬᠤᠲᠠ ᠬᠥᠳᠡᠭᠡ ᠳᠤ ᠶᠠᠫᠣᠨ ᠢ ᠡᠰᠡᠷᠭᠦᠴᠡᠵᠦ ᠮᠥᠬᠦᠯ ᠠᠴᠠ ᠠᠪᠤᠷᠠᠬᠤ ᠲᠡᠮᠡᠴᠡᠯ ᠳᠤ ᠣᠷᠣᠯᠴᠠᠵᠠᠢ᠃ ᠭᠦᠢ ᠰᠦᠢ ᠡᠵᠡᠯᠡᠭᠳᠡᠭᠰᠡᠨ ᠤ ᠳᠠᠷᠠᠭ᠎ᠠ ᠲᠡᠷᠡ ᠱᠠᠨ ᠰᠢ ᠶᠢᠨ ᠪᠠᠷᠠᠭᠤᠨ ᠬᠤᠶᠢᠳᠤ ᠣᠷᠣᠨ ᠳᠤ ᠬᠦᠷᠴᠦ᠂ ᠨᠠᠢᠮᠠᠳᠤᠭᠠᠷ ᠵᠠᠮ ᠤᠨ ᠴᠡᠷᠢᠭ ᠤᠨ 120 ᠳ᠋ᠤᠭᠠᠷ ᠳ᠋ᠢᠸᠢᠽᠢ ᠲᠠᠢ ᠬᠠᠷᠢᠴᠠᠭ᠎ᠠ ᠠᠪᠴᠤ᠂ ᠰᠦᠢᠶᠤᠸᠠᠨ ᠣᠷᠣᠨ ᠤ ᠪᠠᠶᠢᠳᠠᠯ ᠢ ᠲᠠᠨᠢᠯᠴᠠᠭᠤᠯᠪᠠ᠃ 1938 ᠣᠨ ᠳᠤ ᠲᠡᠷᠡ ᠭᠦᠢ ᠰᠦᠢ ᠳᠤ ᠲᠣᠮᠢᠯᠠᠭᠳᠠᠨ ᠪᠣᠴᠠᠵᠤ᠂ ᠭᠤᠤ ᠹᠧᠩ ᠶᠢᠩ ᠨᠡᠷ ᠲᠠᠢ ᠮᠣᠩᠭᠤᠯ ᠬᠢᠲᠠᠳ ᠤᠨ ᠶᠠᠫᠣᠨ ᠢ ᠡᠰᠡᠷᠭᠦᠴᠡᠬᠦ ᠫᠠᠷᠲ᠋ᠢᠽᠠᠨ ᠠᠩᠬᠢ ᠶᠢ ᠵᠣᠬᠢᠶᠠᠨ ᠪᠠᠶᠢᠭᠤᠯᠵᠤ ᠶᠠᠫᠣᠨ ᠢ ᠡᠰᠡᠷᠭᠦᠴᠡᠬᠦ ᠲᠡᠮᠡᠴᠡᠯ ᠥᠷᠨᠢᠭᠦᠯᠪᠡ᠃ ᠲᠤᠰ ᠵᠢᠯ ᠤᠨ 8 ᠳ᠋ᠤᠭᠠᠷ ᠰᠠᠷ᠎ᠠ ᠳᠤ ᠨᠠᠢᠮᠠᠳᠤᠭᠠᠷ ᠵᠠᠮ ᠤᠨ ᠴᠡᠷᠢᠭ ᠤᠨ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠢ ᠪᠠᠶᠢᠭᠤᠯᠬᠤ ᠦᠶᠡᠰ ᠮᠣᠩᠭᠤᠯ ᠬᠢᠲᠠᠳ ᠶᠠᠫᠣᠨ ᠢ ᠡᠰᠡᠷᠭᠦᠴᠡᠬᠦ ᠫᠠᠷᠲ᠋ᠢᠽᠠᠨ ᠠᠩᠭᠢ ᠨᠢ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠲᠠᠢ ᠨᠡᠶᠢᠯᠡᠵᠦ᠂ ᠰᠦᠢᠶᠤᠸᠠᠨ ᠮᠣᠩᠭᠤᠯ ᠤᠨ ᠫᠠᠷᠲ᠋ᠢᠽᠠᠨ ᠶᠡᠭᠡ ᠠᠩᠭᠢ ᠪᠣᠯᠵᠤ᠂ ᠲᠡᠷᠡ ᠶᠡᠭᠡ ᠠᠩᠭᠢ ᠶᠢᠨ ᠳᠠᠷᠤᠭ᠎ᠠ ᠪᠥᠭᠡᠳ ᠤᠯᠤᠰ ᠲᠥᠷᠦ ᠶᠢᠨ ᠭᠡᠰᠢᠭᠦᠨ ᠤ ᠲᠤᠰᠢᠶᠠᠯ ᠢ ᠬᠠᠷᠢᠭᠤᠴᠠᠪᠠ᠃ 1939 ᠤᠨ ᠠᠴᠠ ᠰᠠᠬᠦᠯᠡᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠰᠦᠢ ᠰᠢ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠰᠦᠢ ᠰᠢ ᠤᠷᠤᠨ ᠤ ᠲᠤᠰᠬᠠᠢ ᠵᠠᠬᠢᠷᠭ᠎ᠠ ᠶᠢᠨ ᠲᠤᠰᠬᠠᠢ ᠲᠤᠰᠢᠶᠠᠯᠳᠠᠨ᠂ ᠰᠦᠢᠶᠤᠸᠠᠨ ᠴᠠᠬᠠᠷ ᠤᠨ ᠵᠠᠰᠠᠭ ᠵᠠᠬᠢᠷᠭ᠎ᠠ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ᠂ ᠰᠦᠢᠶᠤᠸᠠᠨ ᠴᠠᠬᠠᠷ ᠤᠨ ᠵᠠᠰᠠᠭ ᠵᠠᠬᠢᠷᠭ᠎ᠠ ᠶᠢᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ᠃ 1945 ᠣᠨ ᠠᠴᠠ ᠬᠤᠶᠢᠰᠢ ᠰᠦᠢᠶᠤᠸᠠᠨ ᠮᠤᠩᠭᠤᠯ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠲᠡᠷᠢᠭᠦᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠮᠤᠵᠢ ᠶᠢᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠵᠡᠷᠭᠡ ᠲᠤᠰᠢᠶᠠᠯ ᠢ ᠬᠠᠷᠢᠭᠤᠴᠠᠵᠤ ᠪᠠᠶᠢᠪᠠ᠃      ᠪᠦᠬᠦ ᠤᠯᠤᠰ ᠴᠢᠯᠦᠭᠡᠯᠡᠭᠳᠡᠭᠰᠡᠨ ᠤ ᠲᠠᠷᠠᠭ᠎ᠠ᠂ ᠶᠠᠩ ᡁᠢ ᠯᠢᠨ ᠤᠷᠲᠤ ᠬᠤᠭᠤᠴᠠᠭ᠎ᠠ ᠰᠦᠢᠶᠤᠸᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠠᠵᠢᠯ ᠢ ᠬᠠᠷᠢᠭᠤᠴᠠᠵᠤ ᠪᠠᠶᠢᠪᠠ᠂ ᠰᠦᠢᠶᠤᠸᠠᠨ ᠮᠤᠵᠢ ᠶᠢᠨ ᠴᠡᠷᠢᠭ ᠵᠠᠰᠠᠭ ᠤᠨ ᠵᠥᠪᠯᠡᠯ ᠤᠨ ᠳᠡᠳ᠋ ᠲᠡᠷᠢᠭᠦᠯᠡᠭᠴᠢ᠂ ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠬᠤᠪᠢᠶᠠᠷᠢ ᠲᠣᠪᠴᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠨᠡᠷ ᠤᠨ ᠭᠠᠵᠠᠷ ᠤᠨ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠨᠠᠮ ᠤᠨ ᠬᠤᠷᠢᠶ᠎ᠠ ᠶᠢᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠮᠠᠷᠠᠲᠦ ᠶᠢᠨ ᠲᠣᠪᠴᠢᠶ᠎ᠠ ᠶᠢᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠵᠤ ᠪᠠᠶᠢᠪᠠ᠃ 1962 ᠤᠨ ᠳᠤ ᠳᠤᠮᠳᠠᠲᠦ ᠤᠯᠤᠰ ᠤᠨ ᠡᠪ ᠬᠠᠮᠲᠦ ᠨᠠᠮ ᠤᠨ ᠬᠥᠬᠡᠨᠠᠭᠤᠷ ᠮᠤᠵᠢ ᠶᠢᠨ ᠬᠤᠷᠢᠶ᠎ᠠ ᠶᠢᠨ ᠨᠢᠭᠡᠲᠦᠭᠡᠷ ᠱᠦᠵᠢ᠂ ᠮᠤᠵᠢ ᠶᠢᠨ ᠴᠡᠷᠢᠭ ᠤᠨ ᠲᠤᠭᠤᠷᠢᠭ ᠤᠨ ᠨᠢᠭᠡᠲᠦᠭᠡᠷ ᠤᠯᠤᠰ ᠲᠦᠷᠦ ᠶᠢᠨ ᠭᠡᠰᠢᠭᠦᠨ᠂ ᠮᠤᠵᠢ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠲᠦᠪ ᠬᠤᠷᠢᠶ᠎ᠠ ᠶᠢᠨ ᠪᠠᠷᠠᠭᠤᠨ ᠬᠤᠶᠢᠲᠦ ᠤᠷᠤᠨ ᠤ ᠲᠤᠪᠴᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃      ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ ᠯᠢᠨ ᠪᠢᠶᠣᠣ᠂ ︽ᠲᠦᠷᠪᠡᠨ ᠬᠦᠮᠦᠨ ᠤ ᠪᠦᠯᠦᠭ︾ ᠤᠨ ᠬᠤᠪᠢᠰᠬᠠᠯ ᠤᠨ ᠡᠰᠡᠷᠭᠦᠦ ᠪᠦᠯᠦᠭᠯᠡᠯ ᠤᠨ ᠬᠠᠷᠠᠰᠠᠯᠳᠤ ᠬᠤᠣᠷᠯᠠᠯ ᠳᠤ ᠤᠴᠠᠷᠠᠵᠤ᠂ ᠲᠡᠷᠡ ᠴᠣᠴᠠᠯᠲᠠ ᠦᠭᠡᠢ ᠲᠡᠮᠡᠴᠡᠪᠡ᠃ 1978 ᠤᠨ ᠳᠤ ᠠᠵᠢᠯ ᠢᠶᠠᠨ ᠰᠡᠷᠭᠦᠭᠡᠭᠰᠡᠨ ᠤ ᠳᠠᠷᠠᠭ᠎ᠠ ᠳᠤᠮᠳᠠᠲᠦ ᠤᠯᠤᠰ ᠤᠨ ᠡᠪ ᠬᠠᠮᠲᠦ ᠨᠠᠮ ᠤᠨ ᠭᠠᠨᠰᠤ ᠮᠤᠵᠢ ᠶᠢᠨ ᠬᠤᠷᠢᠶ᠎ᠠ ᠶᠢᠨ ᠱᠦᠵᠢ᠂ ᠵᠦᠪᠯᠡᠭᠴᠢ᠂ ᠮᠤᠵᠢ ᠶᠢᠨ ᠤᠯᠤᠰ ᠲᠦᠷᠦ ᠶᠢᠨ ᠵᠦᠪᠯᠡᠯᠭᠡᠨ ᠤ ᠳᠡᠷᠢᠭᠦᠯᠡᠭᠴᠢ ᠵᠡᠷᠭᠡ ᠲᠤᠰᠢᠶᠠᠯ ᠢ ᠬᠠᠷᠢᠭᠤᠴᠠᠵᠦ ᠪᠠᠶᠢᠪᠠ᠃ ᠲᠡᠷᠡ ᠪᠣᠯ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠲᠠᠪᠤᠳᠤᠭᠠᠷ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠪᠣᠯᠤᠨ᠎ᠠ᠃ ᠲᠡᠷᠡ ᠠᠵᠢᠯ ᠢᠶᠠᠨ ᠰᠡᠷᠭᠦᠭᠡᠭᠰᠡᠨ ᠤ ᠳᠠᠷᠠᠭ᠎ᠠ  ᠨᠦᠬᠦᠵᠦ ᠤᠯᠭᠤᠭᠰᠠᠨ ᠪᠦᠬᠦ ᠴᠠᠯᠢᠩ ᠢᠶᠠᠨ ᠨᠤᠲᠤᠭ ᠤᠰᠤᠨ ᠳᠠᠭᠠᠨ ᠬᠠᠨᠳᠢᠪᠯᠠᠵᠤ᠂ ᠬᠦᠭᠵᠢᠭᠦᠯᠦᠯᠲᠡ ᠦᠢᠯᠡᠳᠪᠦᠷᠢᠯᠡᠯ ᠢ ᠳᠡᠮᠵᠢᠵᠡᠢ᠃ ᠲᠡᠭᠦᠨ ᠤ ᠡᠷᠬᠢᠮ ᠳᠡᠭᠡᠳᠦ ᠵᠣᠷᠢᠭ ᠰᠠᠨᠠᠭ᠎ᠠ ᠬᠥᠬᠡᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠨᠳᠦᠳᠬᠡᠯ ᠪᠢᠰᠢᠷᠡᠯ ᠢ ᠣᠯᠵᠠᠢ᠃ ᠶᠠᠩ ᡁᠢ ᠯᠢᠨ 1992 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠡᠪᠡᠳᠴᠢᠨ ᠢᠶᠠᠷ ᠯᠠᠨᠵᠧᠦ ᠳᠤ ᠨᠠᠰᠤ ᠪᠠᠷᠠᠵᠠᠢ᠂ ᠨᠠᠰᠤᠨ ᠰᠡᠭᠦᠳᠡᠷ 81 ᠪᠠᠶᠢᠪᠠ ᠃       ᠢᠷᠡᠯᠲᠡ᠄  ︽ᠬᠥᠬᠡᠬᠤᠲᠠ ᠶᠢᠨ ᠬᠤᠪᠢᠰᠬᠠᠯ ᠤᠨ ᠲᠡᠥᠬᠡ︾ ︵ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠡ᠂1999 ᠤᠨ ᠤ ᠬᠡᠪᠯᠡᠯ︶ ᠠᠴᠠ ᠤᠷᠴᠢᠭᠤᠯᠪᠠ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ