ᠬᠥᠬᠡᠬᠤᠲᠠ ᠶᠢᠨ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠶᠢᠨ ᠲᠤᠭ᠎ᠠ ᠪᠥᠬᠦ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2025/3/7
       ︵ᠰᠤᠷᠪᠤᠯᠵᠢᠯᠠᠭᠴᠢ ᠴᠢ ᠰᠢᠶᠣᠣ ᠶᠠᠨ︶ ᠰᠤᠷᠪᠤᠯᠵᠢᠯᠠᠭᠴᠢ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠣᠶᠢᠯᠠᠭᠠᠭᠰᠠᠨ ᠢᠶᠠᠷ᠂ 2025 ᠣᠨ ᠤ 1 ᠳ᠋ᠦ᠋ᠭᠡᠷ ᠰᠠᠷ᠎ᠠ ᠳᠤ᠂ ᠪᠥᠬᠦ ᠣᠷᠣᠨ ᠤ ᠲᠤᠰᠬᠠᠶ ᠠᠰᠢᠭ ᠤᠨ ᠡᠷᠬᠡ ᠣᠯᠭᠤᠭᠰᠠᠨ ᠬᠡᠮᠵᠢᠶ᠎ᠡ 1909 ᠬᠤᠪᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 2.14% ᠨᠡᠮᠡᠭᠳᠡᠪᠡ᠃ ᠡᠭᠦᠨ ᠳᠤ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠣᠯᠭᠤᠭᠰᠠᠨ ᠨᠢ 444 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 51.02% ᠨᠡᠮᠡᠭᠳᠡᠪᠡ᠃ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠤᠨ ᠡᠷᠬᠡ ᠣᠯᠭᠤᠭᠰᠠᠨ ᠨᠢ 1372 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.1% ᠪᠠᠭᠤᠷᠠᠪᠠ᠃ ᠭᠠᠳᠠᠷ ᠦᠵᠡᠮᠵᠢ ᠶᠢᠨ ᠲᠥᠯᠥᠪᠯᠡᠭᠡ ᠶᠢᠨ ᠲᠤᠰᠬᠠᠶ ᠠᠰᠢᠭ ᠤᠨ ᠡᠷᠬᠡ ᠣᠯᠭᠤᠭᠰᠠᠨ ᠨᠢ 93 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.41% ᠨᠡᠮᠡᠭᠳᠡᠪᠡ᠃      1 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠡᠷᠬᠡ 16338 ᠬᠤᠪᠢ ᠪᠠᠶᠢᠵᠤ᠂ ᠲᠦᠮᠡᠨ ᠬᠥᠮᠦᠨ ᠨᠢᠭᠡᠪᠦᠷᠢ ᠶᠢᠨ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠡᠷᠬᠡ 6.82 ᠬᠤᠪᠢ ᠬᠦᠷᠴᠡᠢ᠃ ᠡᠭᠦᠨ ᠳᠤ᠂ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠶᠢᠨ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠨᠢ ᠪᠥᠬᠦ ᠣᠷᠣᠨ ᠤ ᠡᠮᠦᠨ᠎ᠡ ᠭᠤᠷᠪᠠ ᠳᠤ ᠣᠷᠣᠵᠤ᠂ ᠲᠣᠰ ᠲᠣᠰ 6983 ᠬᠤᠪᠢ᠂ 3699 ᠬᠤᠪᠢ ᠪᠠ 1869 ᠬᠤᠪᠢ ᠪᠠᠶᠢᠵᠤ᠂ ᠪᠥᠬᠦ ᠣᠷᠣᠨ ᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠶᠢᠨ ᠶᠡᠷᠦᠩᠬᠡᠶ ᠬᠡᠮᠵᠢᠶᠡᠨ ᠤ 76.8% ᠶᠢ ᠡᠵᠡᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ