ᠬᠥᠬᠡᠬᠤᠲᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠠᠷᠠᠳ ᠲᠤ ᠳᠥᠭᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2025/3/7
      ︵ᠰᠤᠷᠪᠤᠯᠵᠢᠯᠠᠭᠴᠢ ᠰᠦᠩ ᠰᠢᠶᠠᠩ ᠬᠤᠸᠠ︶ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠤᠶᠢᠷ᠎ᠠ ᠶᠢᠨ ᠡᠳᠦᠷ᠂ ᠬᠥᠬᠡᠬᠤᠲᠠ ᠶᠢᠨ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠠᠷᠠᠳ ᠲᠤ ᠳᠥᠭᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠭᠠᠷᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠬᠤᠷᠢᠭ᠎ᠠ ᠴᠠᠷᠠᠭ᠎ᠠ ᠶᠢ ᠨᠡᠪᠲᠡᠷᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠠᠭᠪᠤᠷ ᠢ ᠪᠡᠶᠡᠯᠡᠭᠦᠯᠵᠡᠢ᠃       ᠡᠨᠡ ᠬᠦ ᠲᠤᠭ᠎ᠠ ᠪᠠᠷᠢᠮᠲᠠ ᠶᠢᠨ ᠰᠢᠯᠵᠢᠯᠲᠡ ᠪᠠᠷ ᠣᠯᠠᠨ ᠲᠦᠮᠡᠨ ᠤ ᠭᠦᠶᠦᠯᠲᠡ ᠶᠢ ᠣᠷᠣᠯᠠᠭᠤᠯᠬᠤ ᠠᠷᠭ᠎ᠠ ᠬᠡᠮᠵᠢᠶ᠎ᠡ ᠨᠢ᠂ ᠥᠷᠭᠡᠨ ᠣᠯᠠᠨ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠤᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠨᠥᠬᠦᠴᠡᠯ ᠢ ᠡᠳ᠋ᠯᠡᠭᠦᠯᠦᠭᠰᠡᠨ ᠪᠠᠶᠢᠨ᠎ᠠ᠃ ᠭᠡᠷ ᠪᠠᠶᠢᠰᠢᠩ ᠤᠨ ᠭᠡᠷᠡᠴᠢ ᠶᠢᠨ ᠭᠠᠷ ᠭᠦᠢᠴᠡᠳᠬᠡᠯ ᠬᠢᠬᠦ ᠶᠠᠪᠤᠴᠠ ᠳᠤ᠂ ᠠᠵᠢᠯᠲᠠᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠳᠠᠭᠠᠨ ᠨᠢᠭᠡᠨᠲᠡ ᠳᠠᠩᠰᠠᠯᠠᠭᠤᠯᠤᠭᠰᠠᠨ ︽ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ︾ ᠶᠢ ᠳᠠᠩᠰᠠᠯᠠᠬᠤ ᠰᠢᠰᠲ᠋ᠧᠮ ᠠᠴᠠ ᠴᠠᠭ ᠲᠤᠬᠠᠶ ᠳᠤᠨᠢ ᠣᠯᠵᠤ ᠪᠣᠯᠤᠨ᠎ᠠ᠂ ᠬᠡᠷ ᠪᠠᠶᠢᠰᠢᠩ ᠬᠤᠳᠠᠯᠳᠤᠨ ᠠᠪᠬᠤ  ᠬᠦᠮᠦᠰ ᠲᠣᠰ ᠴᠠᠭᠠᠰᠤᠨ ᠮᠠᠲ᠋ᠧᠷᠢᠶᠠᠯ ᠢ ᠳᠠᠬᠢᠨ ᠲᠤᠰᠢᠶᠠᠬᠤ ᠴᠢᠬᠤᠯᠠ ᠥᠬᠡᠶ᠃ ᠡᠨᠡ ᠬᠦ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ ᠨᠢ ᠭᠡᠷᠡᠴᠢ ᠶᠢᠨ ᠭᠠᠷ ᠭᠦᠢᠴᠡᠳᠬᠡᠯ ᠤᠨ ᠴᠢᠬᠤᠯᠠ ᠨᠥᠬᠦᠴᠡᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠭᠡᠷᠡᠴᠢ ᠶᠢᠨ ᠭᠠᠷ ᠭᠦᠢᠴᠡᠳᠬᠡᠯ ᠤᠨ ᠴᠠᠭ ᠢ ᠪᠣᠭᠤᠨᠢᠰᠬᠠᠵᠤ᠂ ᠣᠯᠠᠨ ᠲᠦᠮᠡᠨ ᠤ ᠳᠤᠲᠠᠭᠤ ᠮᠠᠲ᠋ᠧᠷᠢᠶᠠᠯ ᠲᠤᠰᠢᠶᠠᠵᠤ᠂ ᠲᠦᠷᠭᠡᠨ ᠭᠦᠢᠴᠡᠳᠭᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠢᠨᠲ᠋ᠧᠷ ᠰᠦᠯᠵᠢᠶᠡᠨ ᠤ ᠰᠢᠰᠲ᠋ᠧᠮ ᠢ ᠵᠠᠪᠰᠠᠷ ᠥᠬᠡᠶ ᠵᠣᠯᠭᠠᠭᠤᠯᠬᠤ ᠣᠨᠴᠠᠯᠢᠭ ᠢ ᠠᠰᠢᠭᠯᠠᠨ᠂ ︽ᠨᠢᠭᠡ ᠭᠡᠷ ᠢ ᠬᠤᠶᠠᠷᠲᠠ ᠬᠤᠳᠠᠯᠳᠤᠬᠤ︾ ᠠᠷᠠᠯᠵᠢᠶᠠᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠪᠦᠲᠦᠮᠵᠢᠲᠡᠶ ᠬᠤᠷᠢᠭᠯᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ