ᠬᠥᠬᠡᠬᠤᠲᠠ ᠶᠢᠨ 12 ᠵᠦᠢᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠯᠤᠰ ᠤᠨ ᠣᠯᠠᠨ ᠨᠡᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠬᠤ ᠲᠠᠪᠴᠠᠩ ᠲᠤ ᠭᠠᠷᠪᠠ
ᠨᠡᠶᠢᠲᠡᠯᠡᠭᠰᠡᠨ ᠴᠠᠭ᠄
2025/3/7
      ︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠲᠣᠮᠣ ᠳ᠋ᠡᠶᠢᠲ᠋ᠠ ᠶᠢᠨ ᠲᠣᠪᠴᠢᠶ᠎ᠠ ᠪᠣᠯᠤᠨ ᠥᠪᠥᠷ ᠮᠣᠩᠭᠤᠯ ᠤᠨ ᠲᠣᠮᠣ ᠳ᠋ᠡᠶᠢᠲ᠋ᠠ ᠶᠢᠨ ᠠᠵᠤ ᠦᠢᠯᠡᠰ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠤᠶᠢᠯᠠᠭᠠᠭᠰᠠᠨ ᠨᠢ᠂ 3 ᠳ᠋ᠤᠭᠠᠷ ᠰᠠᠷ᠎ᠠ ᠶᠢᠨ 1 ᠤ ᠡᠳᠦᠷ ᠤᠯᠤᠰ ᠤᠨ ᠣᠯᠠᠨ ᠨᠡᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠬᠤ ᠲᠠᠪᠴᠠᠩ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠣᠳᠣ ᠪᠣᠯᠲᠠᠯ᠎ᠠ ᠨᠢᠭᠡᠨᠲᠡ ᠪᠦᠬᠦ ᠤᠯᠤᠰ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ 456 ᠵᠦᠢᠯ ᠰᠦᠯᠵᠢᠶᠡᠨ ᠳᠤ ᠭᠠᠷᠴᠤ᠂ ᠬᠥᠬᠡᠬᠤᠲᠠ ᠶᠢᠨ 12 ᠵᠦᠢᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠰᠦᠯᠵᠢᠶᠡᠨ ᠳᠤ ᠭᠠᠷᠴᠠᠢ᠃      ᠡᠭᠦᠨ ᠳᠤ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ ᠶᠢᠨ ᠬᠤᠶᠠᠷ ᠵᠦᠢᠯ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠪᠠ ᠲᠤᠭ᠎ᠠ ᠪᠠᠷᠢᠮᠲᠠ ᠶᠢᠨ ᠠᠵᠤ ᠦᠢᠯᠡᠰ ᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠪᠤᠯᠤᠨ᠎ᠠ᠃ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ 10 ᠲᠥᠷᠥᠯ ᠵᠦᠢᠯ ᠨᠢ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠮᠥᠩᠭᠦᠨ ᠭᠦᠢᠯᠭᠡᠭᠡᠨ ᠤ ᠦᠢᠯᠡᠰ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠬᠤᠲᠠ ᠶᠢᠨ ᠨᠡᠶᠢᠲᠡ ᠶᠢᠨ ᠳᠤᠭᠤᠶ ᠲᠡᠷᠭᠡᠨ ᠤ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠵᠠᠭᠪᠤᠷ᠂ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠢ ᠨᠡᠶᠢᠭᠡᠮ ᠳᠤ ᠬᠠᠨᠳᠤᠭᠤᠯᠤᠨ ᠤᠷᠢᠳᠴᠢᠯᠠᠨ ᠪᠣᠯᠵᠣᠵᠤ ᠴᠢᠯᠥᠭᠡᠲᠡᠶ ᠨᠡᠭᠡᠭᠡᠬᠦ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠮᠬᠢᠳᠬᠡᠯ᠂ ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠡᠮᠬᠢᠳᠬᠡᠯ᠂ ᠬᠤᠲᠠ ᠶᠢᠨ ᠬᠤᠳᠠᠯᠳᠤᠭᠠᠨ ᠤ ᠬᠡᠷᠡᠭᠯᠡᠭᠡᠨ ᠤ ᠲᠡᠷᠭᠡᠨ ᠵᠣᠭᠰᠣᠭᠠᠯ ᠤᠨ ᠲᠡᠷᠭᠡᠨ ᠤ ᠤᠷᠤᠰᠬᠠᠯ ᠤᠨ ᠵᠠᠳᠠᠯᠤᠯᠲᠠ ᠶᠢᠨ ᠲᠤᠭ᠎ᠠ ᠪᠠᠷᠢᠮᠲᠠ ᠶᠢᠨ ᠵᠠᠭᠪᠤᠷ᠂ ᠬᠥᠬᠡᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠤᠭᠰᠤᠭᠠᠬᠤ ᠴᠡᠨᠡᠭᠯᠡᠨᠬᠦ ᠬᠠᠮᠢᠶᠠᠷᠬᠤ ᠶᠢ ᠨᠢᠭᠡ ᠴᠣᠭᠴᠠᠵᠢᠭᠤᠯᠤᠭᠰᠠᠨ ᠵᠠᠭᠪᠤᠷ ︵ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ ᠴᠢᠭᠯᠡᠯ︶᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠰᠠᠭᠤᠷᠢᠯᠠᠭᠰᠠᠨ ᠬᠢᠮᠡᠯ ᠤᠶᠤᠨ ᠤ ᠡᠪᠡᠳᠴᠢᠨ ᠡᠮᠭᠡᠭ ᠢ ᠡᠷᠲᠡ ᠰᠢᠭᠰᠢᠬᠦ ᠲᠥᠷᠥᠯ ᠵᠦᠢᠯ᠂ ᠱᠤ᠋ ᠾᠦᠢ ᠲᠦᠩ ᠬᠦᠬᠡ ᠬᠤᠲᠠ ᠶᠢᠨ ᠬᠡᠯᠬᠢᠶ᠎ᠡ ᠵᠢᠭᠡᠯᠡᠯᠭᠡ᠂ ᠱᠤ᠋ ᠾᠦᠢ ᠲᠦᠩ ᠬᠦᠬᠡ ᠬᠤᠲᠠ ᠶᠢᠨ ᠤᠶᠤᠨᠴᠢ ᠵᠢᠭᠡᠯᠡᠯᠭᠡ᠂ ᠤᠠᠯᠨ ᠰᠤᠷᠪᠤᠯᠵᠢᠲᠤ ᠲᠤᠭ᠎ᠠ ᠪᠠᠷᠢᠮᠲᠠ ᠶᠢᠨ ᠠᠭᠤᠰᠤᠯᠴᠠᠯ ᠳᠤ ᠰᠠᠭᠤᠷᠢᠯᠠᠭᠰᠠᠨ ᠭᠠᠵᠠᠷ ᠰᠤᠩᠭᠤᠯᠲᠠ ᠶᠢ ᠤᠷᠢᠳᠴᠢᠯᠠᠨ ᠬᠡᠮᠵᠢᠬᠦ ᠲᠤᠭ᠎ᠠ ᠪᠠᠷᠢᠮᠲᠠ ᠶᠢᠨ ᠵᠠᠭᠪᠤᠷ ᠵᠡᠷᠭᠡ ᠠᠭᠤᠯᠭ᠎ᠠ ᠶᠢ ᠪᠠᠭᠲᠠᠭᠠᠨ᠎ᠠ᠃       ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠮᠵᠢᠯᠲᠠ ᠲᠠᠢ ᠪᠠᠷ ᠰᠦᠯᠵᠢᠶᠡᠨ ᠳᠤ ᠭᠠᠷᠭᠠᠭᠰᠠᠨ ᠨᠢ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠵᠢᠷᠤᠮᠵᠢᠭᠰᠠᠨ ᠬᠥᠭᠵᠢᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠳᠡᠩᠰᠡᠯᠡᠯᠲᠡ᠂ ᠦᠨᠡᠯᠡᠨ ᠵᠢᠱᠢᠯᠲᠡ᠂ ᠠᠷᠠᠯᠵᠢᠶ᠎ᠠ ᠵᠡᠷᠭᠡ ᠭᠤᠭᠴᠤᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠤᠯᠠᠮ ᠢᠯᠡ ᠲᠣᠳᠣ ᠪᠤᠯᠭᠠᠪᠠ᠃ ᠬᠥᠬᠡᠬᠤᠲᠠ ᠶᠢᠨ ᠬᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠪᠦᠬᠦ ᠬᠤᠳᠠ ᠶᠢᠨ ᠲᠤᠭ᠎ᠠ ᠪᠠᠷᠢᠮᠲᠠ ᠶᠢᠨ ᠠᠵᠤ ᠦᠢᠯᠡᠰ ᠤᠨ ᠠᠮᠢ ᠠᠬᠤᠢ ᠶᠢ ᠢᠳᠡᠪᠬᠢᠲᠡᠢ ᠪᠤᠶᠢᠵᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ