ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠣᠨ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠮᠲᠤᠷᠠᠨ ᠪᠠᠶᠢᠭᠤᠯᠤᠭᠰᠠᠨ ᠲᠤᠷᠰᠢᠯᠲᠠ ᠶᠢᠨ ᠲᠠᠰᠤᠭ ᠫᠠᠶᠢᠰᠠ ᠡᠯᠭᠦᠪᠡ​
ᠨᠡᠶᠢᠲᠡᠯᠡᠭᠰᠡᠨ ᠴᠠᠭ᠄
2025/4/1
     
zf0401111.jpg
      3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠬᠠᠮᠢᠶᠠᠷᠤᠯᠲᠠ ᠶᠢᠨ ᠲᠥᠪ ᠪᠣᠯᠣᠨ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠮᠲᠤᠷᠠᠨ ᠪᠠᠶᠢᠭᠤᠯᠤᠭᠰᠠᠨ ᠲᠤᠷᠰᠢᠯᠲᠠ ᠶᠢᠨ ᠲᠠᠰᠤᠭ ᠫᠠᠶᠢᠰᠠ ᠡᠯᠭᠦᠪᠡ᠃ ᠲᠣᠰ ᠲᠤᠷᠰᠢᠯᠲᠠ ᠶᠢᠨ ᠲᠠᠰᠤᠭ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠲᠤ ᠲᠦᠰᠢᠭᠯᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠨ᠎ᠡ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠪᠣᠯᠣᠨ᠎ᠠ᠃ ᠵᠢᠷᠤᠭ ᠪᠣᠯ᠂ ᠲᠤᠬᠠᠢ ᠶᠢᠨ ᠡᠳᠦᠷ ᠲᠤᠷᠰᠢᠯᠲᠠ ᠶᠢᠨ ᠲᠠᠰᠤᠭ ᠤᠨ ᠠᠵᠢᠯᠲᠠᠳ ᠤᠰᠤᠨ ᠤ ᠴᠢᠨᠠᠷ ᠤᠨ ᠰᠢᠯᠭᠠᠨ ᠪᠠᠶᠢᠴᠠᠭᠠᠯᠲᠠ ᠬᠢᠵᠦ ᠪᠠᠶᠢᠭ᠎ᠠ ᠨᠢ᠃           ᠰᠤᠷᠪᠤᠯᠵᠢᠯᠠᠬᠴᠢ  ᠮᠦ ᠶᠧ  ᠰᠡᠭᠦᠳᠡᠷᠯᠡᠪᠡ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ