ᠰᠣᠶᠣᠯ ᠵᠢᠭᠤᠯᠴᠢᠯᠠᠯ ᠤᠨ ᠪᠠᠶᠠᠯᠢᠭ ᠠᠭᠤᠯᠭ᠎ᠠ ᠪᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ︽ᠨᠢᠭᠡ ᠬᠤᠩᠭᠢᠯ ᠬᠤᠶᠠᠷ ᠲᠡᠩᠭᠡᠯᠢᠭ | ᠲᠠᠪᠤᠨ ᠪᠦᠰᠡ︾ ᠶᠢᠨ ᠬᠥᠭᠵᠢᠯᠲᠡ ᠶᠢ ᠠᠬᠢᠭᠤᠯᠤᠨ᠎ᠠ᠃ ᠲᠦᠷᠦᠭᠦᠬᠡᠨ ᠭᠦᠭᠡᠬᠤᠳᠠ ᠶᠢᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ·ᠲᠣᠭᠲᠠᠬᠤ ᠰᠢᠶᠠᠨ | ᠢᠶᠠᠷ ᠠᠶᠠᠯᠠᠨ ᠵᠢᠭᠤᠯᠴᠢᠯᠠᠬᠤ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠨᠢᠭᠡ ᠪᠤᠯᠬᠤ 2025 ᠣᠨ ᠤ ᠲᠣᠭᠲᠠᠬᠤ ᠰᠢᠶᠠᠨ ᠤ ᠵᠢᠷᠭᠤᠳᠤᠭᠠᠷ | ᠬᠤᠭᠤᠴᠠᠭᠠᠨ ᠤ ᠬᠠᠳᠤᠨ ᠭᠤᠣᠯ ᠤᠨ ᠮᠥᠰᠥ ᠤᠨᠠᠬᠤ ᠨᠠᠶᠢᠷ ᠶᠠᠪᠤᠭᠳᠠᠵᠠᠢ᠃ | ᠲᠤᠰ ᠨᠠᠶᠢᠷ ᠲᠠᠬᠢ ᠡᠭᠢᠯᠡᠯᠲᠡ ᠶᠢᠨ ᠶᠣᠰᠣᠯᠠᠯ ᠤᠨ ᠲᠣᠮᠣ ᠭᠡᠯᠪᠡᠷᠢ ᠶᠢᠨ ᠠᠬᠤᠢ ᠪᠠᠶᠢᠳᠠᠯ ᠤᠨ ᠲᠣᠬᠯᠠᠯᠲᠠ᠂ ᠡᠯ ᠷᠧᠨ ᠲᠠᠢ ᠵᠦᠴᠦᠭᠡ ᠵᠡᠷᠭᠡ ᠤᠷᠠᠨ | ᠰᠠᠶᠢᠬᠠᠨ ᠤ ᠲᠤᠬᠯᠠᠯᠳᠠ ᠨᠢ ᠡᠷᠲᠡᠨ ᠤ ᠬᠠᠲᠤᠨ ᠭᠤᠣᠯ ᠤᠨ ᠰᠣᠶᠣᠯ ᠤᠨ ᠭᠦᠨ ᠵᠤᠵᠠᠭᠠᠨ ᠢ ᠮᠡᠳᠡᠷᠡᠭᠦᠯᠵᠦ᠂ ᠲᠤᠬᠠᠢ ᠶᠢᠨ ᠲᠠᠯᠠᠪᠠᠶ ᠶᠢ ᠭᠦᠷ ᠬᠥᠭᠵᠢᠶᠡᠨᠲᠡᠢ | ᠪᠤᠯᠭᠠᠵᠠᠢ; ᠵᠢᠭᠠᠰᠤ ᠬᠢᠬᠦ ᠤᠷᠤᠯᠳᠤᠭᠠᠨ ᠨᠢ ᠬᠤᠯᠠ ᠣᠶᠢᠷ᠎ᠠ ᠠᠴᠠ ᠬᠦᠷᠦᠯᠴᠡᠨ ᠢᠷᠡᠭᠰᠡᠨ ᠬᠥᠮᠥᠰ ᠤᠨ ᠬᠠᠮᠤᠭ ᠤᠨ ᠬᠦᠰᠡᠨ ᠬᠦᠯᠢᠶᠡᠭᠰᠡᠨ ᠠᠵᠢᠯᠯᠠᠭ᠎ᠠ | ᠪᠠᠶᠢᠵᠤ᠂ ᠵᠢᠭᠤᠯᠴᠢᠯᠠᠬᠰᠠᠳ ᠲᠣᠭᠤᠭᠠᠴᠢ ᠶᠢᠨ ᠭᠤᠴᠣ ᠡᠷᠳᠡᠮ ᠢ ᠱᠠᠭᠰᠢᠨ ᠪᠠᠭ᠋ᠠᠷᠬᠠᠵᠤ᠂ ᠪᠠᠰᠠ ᠰᠢᠨ᠎ᠡ ᠰᠣᠷᠭᠤᠭ ᠵᠢᠭᠠᠰᠤ ᠠᠮᠲᠠᠯᠠᠨ ᠪᠠᠶᠠᠷ ᠵᠢᠷᠭᠠᠯ ᠢᠶᠠᠷ | ᠪᠢᠯᠬᠠᠨ᠎ᠠ; ᠤᠯᠠᠮᠵᠢᠯᠠᠯᠲᠤ ᠭᠠᠷ ᠤᠷᠠᠯᠠᠯ ᠢ ᠪᠡᠶᠡᠴᠢᠯᠡᠨ ᠣᠶᠢᠯᠠᠭᠠᠬᠤ᠂ ᠠᠷᠠᠳ ᠤᠨ ᠵᠠᠩ ᠦᠢᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠠᠵᠢᠯᠯᠠᠭ᠎ᠠ ᠨᠢ ᠭᠢᠯᠠᠰ ᠴᠡᠭ ᠪᠣᠯᠵᠤ᠂ ᠴᠠᠭᠠᠰᠤᠨ ᠬᠠᠶᠢᠴᠢᠯᠠᠮᠠᠯ᠂ ᠭᠤᠯᠢᠷ ᠱᠤᠭᠤᠮᠠᠯ᠂ ᠬᠠᠳᠬᠤᠮᠠᠯ ᠤᠨ ᠪᠦᠲᠦᠭᠡᠯ ᠨᠢᠭᠡᠪᠦᠷᠢ ᠨᠢ ᠴᠥᠮ ᠲᠤᠬᠠᠢ ᠶᠢᠨ ᠲᠠᠯᠠᠪᠠᠢ | ᠶᠢᠨ ᠦᠵᠡᠭᠴᠢᠳ ᠢ ᠭᠠᠶᠢᠬᠠᠰᠢ ᠠᠯᠳᠠᠭᠤᠯᠤᠨ᠂ ᠭᠠᠷ ᠤᠷᠠᠯᠠᠯ ᠢ ᠪᠡᠶᠡᠴᠢᠯᠡᠨ ᠣᠶᠢᠯᠠᠭᠠᠬᠤ ᠲᠣᠭᠤᠷᠢᠭ ᠤᠨ ᠵᠢᠭᠤᠯᠴᠢᠯᠠᠬᠰᠠᠳ ᠪᠣᠯᠣᠨ ᠪᠢᠴᠢᠬᠠᠨ ᠨᠠᠶᠢᠵᠠ ᠨᠠᠷ | ᠥᠪᠡᠷ ᠢᠶᠠᠨ ᠲᠤᠷᠰᠢᠵᠤ᠂ ᠤᠯᠠᠮᠵᠢᠯᠠᠯᠲᠤ ᠭᠠᠷ ᠤᠷᠠᠯᠠᠯ ᠢ ᠣᠶᠢᠯᠠᠭᠠᠨ᠂ ᠪᠠᠶᠠᠷ ᠪᠠᠶᠠᠰᠤᠯ ᠢᠶᠠᠷ ᠳᠦᠭᠦᠷᠡᠩ ᠪᠠᠶᠢᠯ᠎ᠠ; ᠲᠠᠷᠢᠶᠠᠯᠠᠩ ᠤᠨ ᠪᠦᠲᠦᠭᠡᠭᠳᠡᠬᠦᠨ ᠢ | ᠳᠡᠯᠭᠡᠨ ᠪᠣᠷᠣᠯᠠᠭᠤᠯᠬᠤ ᠴᠤᠭᠯᠠᠭᠠᠨ ᠳᠤ ᠲᠤᠬᠠᠢ ᠶᠢᠨ ᠭᠠᠵᠠᠷ ᠤᠨ ᠲᠠᠷᠢᠶᠠᠴᠢᠳ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠤᠳ ᠡᠯ᠎ᠡ | ᠵᠦᠢᠯ ᠤᠨ ᠰᠢᠨ᠎ᠡ ᠰᠣᠷᠭᠤᠭ ᠵᠢᠮᠢᠰ ᠨᠣᠭᠤᠭ᠎ᠠ ᠪᠣᠯᠣᠨ ᠨᠤᠲᠤᠭ ᠤᠨ ᠣᠨᠴᠠ ᠭᠠᠷᠤᠯᠲᠠ ᠶᠢ ᠠᠪᠴᠢᠷᠠᠵᠤ᠂ ᠦᠨ᠎ᠡ ᠬᠠᠩᠰᠢ ᠨᠢ ᠬᠢᠮᠳᠠ᠂ ᠴᠢᠨᠠᠷ ᠰᠠᠶᠢᠲᠠᠢ | ᠪᠠᠶᠢᠭᠰᠠᠨ ᠢᠶᠠᠷ ᠵᠢᠭᠤᠯᠴᠢᠯᠠᠬᠰᠠᠳ ᠪᠠᠶᠠᠷᠲᠠᠶᠢᠬᠠᠨ ᠬᠤᠳᠠᠯᠳᠤᠨ ᠠᠪᠴᠠᠭᠠᠯᠠ᠃ ᠲᠣᠰ ᠨᠠᠶᠢᠷ ᠨᠢ ᠠᠮᠲᠠᠲᠤ ᠢᠳᠡᠭᠡᠨ ᠪᠠ ᠰᠣᠶᠣᠯ ᠤᠨ ᠦᠪᠡᠳᠡᠭᠰᠢ | ᠴᠤᠭᠯᠠᠭᠠᠨ ᠪᠣᠯᠵᠤ᠂ ᠭᠦᠭᠡᠬᠤᠳᠠ ᠶᠢᠨ ᠬᠠᠪᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠡᠭᠢᠯᠡᠯᠳᠡ ᠳᠤ ᠮᠠᠰᠢ ᠰᠠᠶᠢᠨ ᠰᠠᠭᠤᠷᠢ ᠲᠠᠯᠪᠢᠵᠠᠢ᠃ | |