ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠬᠠᠤᠯᠢ ᠪᠠᠷ ᠬᠤᠲᠠ ᠶᠢ ᠵᠠᠰᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ  ᠶᠠᠪᠤᠳᠠᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/1
ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠪᠠ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠨᠡᠭᠡᠭᠡᠯᠲᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠱᠤᠭᠤᠮ ᠪᠠ ᠲᠡᠭᠡᠭᠡᠪᠦᠷᠢ ᠶᠢᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠲᠥᠪᠯᠡᠷᠡᠭᠦᠯᠦᠨ ᠲᠠᠷᠬᠠᠭᠠᠬᠤ ᠲᠥᠪ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠬᠦᠢᠰᠦ ᠲᠥᠪ ᠢ ᠲᠦᠷᠭᠡᠳᠬᠡᠨ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠭᠠᠳᠠᠭᠠᠳᠤ ᠪᠡᠯᠡ ᠶᠢ ᠠᠰᠢᠭᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠩ ᠣᠯᠠᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ᠬᠥᠬᠡᠬᠤᠲᠠ ᠳᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠪᠠᠷ ᠬᠤᠳᠠ ᠪᠠᠨ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ ᠶᠣᠰᠣᠭᠠᠷ ᠵᠠᠰᠠᠭ ᠪᠠᠷᠢᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠬᠠᠤᠯᠢ ᠲᠣᠭᠲᠠᠭᠠᠯᠲᠠ ᠶᠢ ᠰᠠᠶᠢᠲᠤᠷ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠲᠡᠦᠬᠡ ᠰᠣᠶᠣᠯ ᠤᠨ ᠬᠠᠮᠠᠭᠠᠯᠠᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠶᠢᠨ ᠲᠣᠭᠤᠷᠢᠨ ᠳᠤ ︽ᠪᠠᠭ᠎ᠠ ᠲᠠᠯ᠎ᠠ ᠠᠴᠠ ᠭᠠᠷᠲᠠᠬᠤ᠂ ᠥᠪᠡᠷᠮᠢᠴᠡ ᠣᠨᠴᠠᠯᠢᠭ ᠲᠠᠢ᠂ ᠪᠣᠳᠠᠲᠤ ᠠᠰᠢᠭᠲᠠᠢ︾ ᠬᠠᠤᠯᠢ ᠲᠣᠭᠲᠠᠭᠠᠬᠤ ᠦᠢᠯᠡᠳᠦᠯᠭᠡ ᠶᠢ ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠬᠤ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ ᠬᠠᠤᠯᠢ ᠴᠠᠭᠠᠵᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠠᠳᠬᠤᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠲᠦᠷᠦᠯ ᠬᠤᠪᠢᠶᠠᠵᠤ ᠤᠯᠠᠨ ᠲᠦᠮᠡᠨ ᠢ ᠢᠯᠭᠠᠨ ᠬᠡᠷᠡᠭᠵᠢᠭᠦᠯᠵᠦ᠂ ᠬᠠᠤᠯᠢ ᠶᠣᠰᠣᠭᠠᠷ ᠠᠵᠢᠯ ᠶᠠᠪᠤᠳᠠᠯ ᠰᠢᠢᠳᠪᠦᠷᠢᠯᠡᠵᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠵᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠶᠢ ᠲᠦᠰᠢᠭᠯᠡᠬᠦ ᠨᠡᠶᠢᠭᠡᠮ ᠳᠠᠶᠠᠭᠠᠷ ᠤᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ ᠮᠠᠨ ᠤ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠪᠠ ᠬᠤᠶᠠᠷ ᠢ ᠬᠦᠷᠢᠶᠡᠯᠡᠬᠦ ᠠᠵᠢᠯ ᠤᠨ ᠣᠯᠤᠭᠰᠠᠨ ᠪᠣᠳᠠᠲᠤ ᠦᠷ᠎ᠡ ᠪᠦᠲᠦᠮᠵᠢ ᠶᠢ ᠨᠤᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ ᠬᠢᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠦᠢᠯᠡᠳᠦᠯᠴᠡᠵᠦ ᠬᠠᠷᠢᠯᠴᠠᠨ ᠬᠠᠮᠵᠢᠯᠴᠠᠬᠤ ᠶᠢ ᠠᠬᠢᠭᠤᠯᠬᠤ ᠬᠡᠷᠡᠭᠲᠡᠶ᠃ ᠦᠢᠯᠡᠴᠢᠯᠡᠭᠡ ᠪᠠᠲᠤᠯᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠬᠤ᠂ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠬᠦᠷᠲᠡᠭᠡᠬᠦ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠢᠷᠠᠭᠤ ᠠᠯᠳᠠᠷ ᠤᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠬᠤᠶᠠᠷ ᠢ ᠬᠦᠷᠢᠶᠡᠯᠡᠬᠦ ᠤᠬᠠᠭᠤᠯᠭ᠎ᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ