ᠪᠣᠣ ᠭᠠᠩ ᠠᠰᠠᠭᠤᠳᠠᠯ ᠲᠤᠰᠬᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠭᠰᠠᠨ ᠪᠥᠭᠡᠳ ᠬᠡᠰᠡᠭ ᠬᠤᠰᠢᠭᠤ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/1
      ︵ᠰᠤᠷᠪᠤᠯᠵᠢᠯᠠᠭᠴᠢ ᠶᠦᠨ ᠵᠢᠩ︶ 3 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠰᠠᠶᠢᠬᠠᠨ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠠᠰᠠᠭᠤᠳᠠᠯ ᠲᠤᠰᠬᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠬᠤ ᠶᠢᠨ ᠬᠠᠮᠲᠤ ᠭᠤᠣᠯᠳᠠᠯᠭ᠎ᠠ ᠲᠠᠢ ᠬᠤᠰᠢᠭᠤ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠢᠨᠠᠨ ᠵᠢᠯᠤᠭᠤᠳᠬᠤ ᠬᠤᠷᠠᠯ ᠢ ᠬᠤᠷᠠᠯᠳᠤᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠠᠬᠢᠭᠤᠯᠪᠠ᠃      ᠬᠦᠯᠢᠶᠡᠨ ᠠᠪᠴᠤ ᠠᠭᠤᠯᠵᠠᠬᠤ ᠶᠠᠪᠤᠴᠠ ᠳᠤ᠂ ᠪᠣᠣ ᠭᠠᠩ ᠳᠠᠭᠠᠭᠠᠴᠢᠯᠠᠨ ᠬᠤᠯᠪᠣᠭᠠᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠤᠭ ᠰᠢᠯᠲᠠᠭᠠᠨ ᠢ ᠣᠶᠢᠯᠠᠭᠠᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃       ᠬᠢᠨᠠᠨ ᠵᠢᠯᠣᠭᠤᠳᠬᠤ ᠶᠠᠪᠤᠴᠠ ᠳᠤ᠂ ᠪᠣᠣ ᠭᠠᠩ ᠵᠢᠭᠠᠬᠤ ᠳᠠᠭᠠᠨ᠂ ᠵᠠᠬᠢᠳᠠᠯ ᠰᠣᠷᠪᠤᠯᠵᠢᠯᠠᠭ᠎ᠠ ᠪᠣᠯ ᠡᠭᠦᠳᠡᠨ ᠳᠡᠭᠡᠷ᠎ᠡ ᠢᠷᠡᠭᠰᠡᠨ ᠣᠯᠠᠨ ᠲᠦᠮᠡᠨ ᠤ ᠠᠵᠢᠯ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠵᠥᠷᠢᠴᠡᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ᠂ ᠤᠯᠠᠨ ᠲᠠᠯ᠎ᠠ ᠠᠴᠠ ᠡᠶᠡᠳᠡᠭᠦᠯᠬᠦ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠪᠣᠯᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠵᠠᠭᠠᠯᠳᠤᠬᠤ ᠪᠠ ᠡᠶᠡᠳᠡᠭᠦᠯᠬᠦ ᠲᠥᠪ᠂ 12345 ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠶᠢ ᠣᠷᠭᠠᠨᠢᠭ ᠢᠶᠠᠷ ᠨᠢᠭᠡᠳᠬᠡᠬᠦ ᠶᠢ ᠠᠬᠢᠭᠤᠯᠵᠤ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠡᠷᠲᠡ ᠢᠯᠡᠷᠡᠭᠦᠯᠵᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢᠶᠠᠷ ᠭᠠᠷᠳᠠᠴᠠ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠭᠦᠨᠵᠡᠭᠡᠢ ᠴᠡᠭᠴᠡᠯᠡᠨ ᠵᠠᠰᠠᠵᠤ᠂ ᠤᠯᠠᠨ ᠲᠦᠮᠡᠨ ᠤ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠢ ᠡᠷᠡᠰ ᠠᠷᠢᠯᠭᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠵᠣᠷᠢᠯᠲᠠ ᠶᠢᠨ ᠤᠬᠠᠮᠰᠠᠷ᠂ ᠤᠯᠠᠨ ᠲᠦᠮᠡᠨᠴᠢ ᠦᠵᠡᠯᠲᠡ ᠶᠢ ᠨᠡᠩ ᠴᠢᠩᠭᠠᠳᠬᠠᠵᠤ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠬᠦᠴᠢᠷ ᠶᠠᠪᠤᠳᠠᠯ ᠢ ᠵᠣᠬᠢᠰᠲᠠᠢ ᠰᠢᠢᠳᠪᠦᠷᠢᠯᠡᠬᠦ ᠬᠡᠷᠡᠭᠲᠡᠢ ᠭᠡᠵᠡᠢ᠃    ᠨᠢᠤ ᠹᠠᠩ ᠽᠧ ᠣᠷᠣᠯᠴᠠᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ