ᠡᠨᠡ ᠵᠢᠯ ᠭᠦᠭᠡᠬᠤᠲᠠ ᠤᠰᠤ ᠠᠷᠪᠢᠯᠠᠬᠤ ᠴᠢᠳᠠᠪᠤᠷᠢ ᠶᠢ 594 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2025/4/1
      ᠪᠦᠭᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠲᠠ ᠤᠰᠤᠨ ᠤ ᠠᠮᠢ ᠠᠬᠤᠢ ᠶᠢ ᠬᠠᠮᠠᠭᠠᠯᠠᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢ ᠰᠡᠷᠭᠦᠭᠡᠨ ᠵᠠᠰᠠᠬᠤ ᠶᠢ ᠴᠢᠩᠭᠠᠳᠬᠠᠨ᠂ ᠤᠰᠤ ᠠᠷᠪᠢᠯᠠᠬᠤ ᠴᠢᠳᠠᠪᠤᠷᠢ ᠶᠢ ᠨᠡᠶᠢᠲᠡ 594 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠪᠠᠷ ᠪᠠᠶᠢᠨ᠎ᠠ᠃      ᠡᠨᠡ ᠵᠢᠯ ᠭᠦᠭᠡᠬᠤᠲᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠲᠦᠷᠭᠡᠳᠬᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ 2600 ᠢᠵᠢ ᠬᠡᠮᠵᠢᠯᠲᠡ ᠶᠢᠨ ᠲᠥᠬᠦᠭᠡᠷᠦᠮᠵᠢ ᠤᠭᠰᠠᠷᠠᠨ᠂ 1000 ᠲᠦᠮᠡᠨ ᠪᠣᠰᠤᠭ᠎ᠠ ᠳᠥᠷᠪᠡᠯᠵᠢᠨ ᠮᠧᠲᠷ ᠬᠠᠲᠤᠨ ᠭᠤᠣᠯ ᠤᠨ ᠤᠰᠤᠨ ᠤ ᠭᠦᠢᠴᠡᠳᠬᠡᠯ ᠲᠤᠭ᠎ᠠ ᠶᠢ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠳᠤ ᠬᠡᠷᠡᠭᠯᠡᠭᠦᠯᠬᠦ ᠪᠠᠷ ᠴᠢᠷᠮᠠᠶᠢᠨ᠎ᠠ ᠶᠡᠭᠡ ᠲᠦᠷᠭᠡᠨ ᠭᠤᠣᠯ ᠤᠨ ᠤᠰᠤᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠪᠠ ᠬᠠᠷᠠᠤ᠋ᠰᠤ ᠨᠠᠭᠤᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ  ᠪᠤᠢ᠃      ᠭᠦᠭᠡᠬᠤᠲᠠ ᠡᠨᠡ ᠵᠢᠯ ᠪᠠᠰᠠ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠵᠤ᠂ 137 ᠲᠡᠭᠰᠢ ᠳᠥᠷᠪᠡᠯᠵᠢᠨ ᠺᠢᠯᠣᠮᠧᠲᠷ ᠤᠨ ᠵᠢᠵᠢᠭ ᠰᠠᠪᠠ ᠭᠠᠵᠠᠷ ᠢ ᠵᠠᠰᠠᠨ᠂ 5000 ᠮᠦ ᠶᠢᠨ ᠨᠠᠯᠠᠤ ᠲᠠᠷᠢᠶᠠᠨ ᠭᠠᠵᠠᠷ ᠢ ᠵᠠᠰᠠᠵᠤ᠂ 16 ᠰᠠᠭᠤᠷᠢ ᠨᠦᠯᠦᠮᠡᠯ ᠭᠠᠵᠠᠷ ᠤᠨ ᠬᠠᠰᠢᠯᠭ᠎ᠠ  ᠶᠢ ᠰᠢᠨ᠎ᠡ ᠪᠠᠷ ᠪᠠᠶᠢᠭᠤᠯᠤᠨ᠂ 347 ᠰᠠᠭᠤᠷᠢ ᠨᠦᠯᠦᠮᠡᠯ ᠭᠠᠵᠠᠷ ᠤᠨ ᠬᠠᠰᠢᠯᠭ᠎ᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠭᠰᠠᠨ ᠨᠤᠷᠮ᠎ᠠ ᠶᠢ 62% ᠠᠴᠠ ᠳᠡᠭᠡᠭᠰᠢ ᠪᠤᠯᠲᠠᠯ᠎ᠠ ᠳᠡᠭᠡᠭᠰᠢᠯᠡᠭᠦᠯᠤᠨ᠎ᠠ᠃ ᠨᠣᠭᠤᠭᠠᠷᠠᠭᠤᠯᠤᠯᠲᠠ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢ ᠴᠢᠩᠭᠠᠳᠬᠠᠨ᠂  23 ᠴᠡᠴᠡᠷᠯᠢᠭ᠂ 20 ᠰᠠᠭᠤᠭᠠᠯᠢ ᠠᠷᠠᠳ ᠤᠨ ᠲᠣᠭᠤᠷᠢᠭ ᠤᠨ ᠳᠠᠬᠢᠯᠲᠠ ᠤᠰᠤᠨ ᠤ ᠡᠬᠢ ᠰᠤᠷᠪᠤᠯᠵᠢ ᠶᠢ ᠰᠣᠯᠢᠨ᠎ᠠ᠃ ᠶᠡᠭᠡ ᠲᠦᠷᠭᠡᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠰᠡᠷᠭᠦᠭᠡᠬᠦ ᠳᠠᠬᠢᠯᠲᠠ ᠤᠰᠤ ᠶᠢ ᠲᠣᠬᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠳᠠᠬᠢᠯᠲᠠ ᠤᠰᠤᠨ ᠤ ᠤᠰᠤ ᠨᠥᠬᠦᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ