ᠪᠦᠭᠦ ᠣᠷᠣᠨ ᠤ ᠭᠡᠷ ᠳᠣᠲᠣᠷᠠᠬᠢ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠥᠨᠳᠥᠷᠯᠡᠪᠡ
ᠨᠡᠶᠢᠲᠡᠯᠡᠭᠰᠡᠨ ᠴᠠᠭ᠄
2025/4/1
      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠳᠣᠲᠣᠷᠠᠬᠢ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠵᠢᠷᠭᠤᠭᠠᠨ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ  ᠲᠦᠷᠦᠭᠦᠬᠡᠨ ᠭᠦᠭᠡᠬᠤᠲᠠ ᠳᠤ ᠠᠮᠵᠢᠯᠲᠠ ᠲᠠᠢ ᠥᠨᠳᠥᠷᠯᠡᠪᠡ᠃      ᠤᠷᠤᠯᠳᠤᠭᠠᠨ ᠳᠤ᠂ ᠦᠬᠠᠢ ᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠵᠡᠷᠭᠡ ᠠᠶᠢᠮᠠᠭ ᠬᠤᠲᠠ ᠠᠴᠠ ᠢᠷᠡᠭᠰᠡᠨ 12 ᠲᠥᠯᠥᠭᠡᠯᠡᠭᠴᠢᠳ ᠤᠨ ᠠᠩᠭᠢ ᠶᠢᠨ ᠨᠡᠶᠢᠲᠡ 160 ᠭᠠᠷᠤᠢ ᠲᠠᠮᠢᠷᠴᠢᠨ ᠳᠠᠰᠬᠠᠯᠵᠢᠭᠤᠯᠤᠭᠴᠢ ᠨᠠᠷ ᠣᠷᠣᠯᠴᠠᠪᠠ᠃ ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠭᠠᠷᠮᠠᠭᠠᠢ ᠪᠥᠮᠪᠥᠭᠡᠨ ᠮᠡᠷᠭᠡᠵᠢᠯ ᠪᠠ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠤᠤᠬᠠᠶᠢᠯᠠᠯ ᠬᠠᠰᠬᠢᠷᠤᠯ ᠤᠨ ᠳᠠᠭᠤᠨ ᠪᠠᠶᠢᠨ ᠳᠠᠭᠢᠨ ᠨᠢᠵᠢᠭᠢᠨᠡᠵᠦ ᠪᠠᠶᠢᠯ᠎ᠠ᠃ ᠰᠢᠢᠳᠪᠦᠷᠢᠲᠦ ᠤᠷᠤᠯᠳᠤᠭᠠᠨ ᠳᠤ ᠬᠥᠯᠥᠨ ᠪᠤᠶᠢᠷ ᠤᠨ ᠲᠥᠯᠥᠭᠡᠯᠡᠭᠴᠢᠳ ᠤᠨ ᠠᠩᠭᠢ ᠪᠣᠯᠣᠨ ᠤᠯᠠᠭᠠᠨᠴᠠᠪ ᠤᠨ ᠲᠥᠯᠥᠭᠡᠯᠡᠭᠴᠢᠳ ᠤᠨ ᠠᠩᠭᠢ ᠲᠠᠭᠠᠷᠠᠯᠳᠤᠵᠤ᠂ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ ᠡᠴᠦᠰ ᠲᠤ ᠬᠥᠯᠥᠨ ᠪᠤᠶᠢᠷ ᠤᠨ ᠲᠥᠯᠥᠭᠡᠯᠡᠭᠴᠢᠳ ᠤᠨ ᠠᠩᠭᠢ 5᠄ 4 ᠬᠤᠪᠢ ᠪᠠᠷ ᠢᠯᠠᠵᠤ᠂ ᠲᠤᠰ ᠤᠳᠠᠭᠠᠨ ᠤ ᠤᠷᠤᠯᠳᠤᠭᠠᠨ ᠳᠤ ᠮᠠᠩᠯᠠᠶᠢᠯᠠᠪᠠ᠃ ᠤᠯᠠᠭᠠᠨᠴᠠᠪ ᠤᠨ ᠲᠥᠯᠥᠭᠡᠯᠡᠭᠴᠢᠳ ᠤᠨ ᠠᠩᠭᠢ ᠪᠣᠯᠣᠨ ᠣᠷᠳᠣᠰ ᠤᠨ ᠲᠥᠯᠥᠭᠡᠯᠡᠭᠴᠢᠳ ᠤᠨ ᠠᠩᠭᠢ ᠲᠤᠰ ᠲᠤᠰ ᠬᠤᠶᠠᠳᠤᠭᠠᠷ ᠪᠠ ᠭᠤᠷᠪᠠᠳᠤᠭᠠᠷ ᠲᠤ ᠣᠷᠣᠭᠰᠠᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ