ᠭᠦᠭᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠠᠴᠠ ᠭᠤᠣᠯᠯᠠᠨ ᠡᠷᠭᠢᠯᠡᠵᠦ᠂ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠨᠢᠭᠡᠴᠢ ᠠᠴᠠ ᠳᠠᠭᠠᠭᠠᠴᠢᠯᠠᠨ ᠡᠷᠭᠢᠯᠡᠭᠰᠡᠨ ︽ᠭᠤᠷᠪᠠᠨ ᠵᠢᠯ ᠤᠨ ᠳᠣᠲᠣᠷ᠎ᠠ ᠠᠷᠪᠠᠨ ᠲᠠᠪᠤᠨ | ᠲᠦᠮᠡᠨ ᠵᠠᠯᠠᠭᠤᠴᠤᠳ ᠢ ᠭᠦᠭᠡᠬᠤᠲᠠ ᠳᠤ ᠦᠯᠡᠳᠡᠭᠡᠬᠦ ᠳᠤ ᠬᠦᠴᠦᠨ ᠨᠡᠮᠡᠷᠢᠯᠡᠬᠦ·ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭ᠎ᠠ︾ ᠶᠢᠨ | ᠲᠤᠰᠬᠠᠢ ᠤᠷᠢᠨ ᠡᠯᠰᠡᠬᠦ ᠴᠤᠭᠯᠠᠭᠠᠨ ᠣᠶᠢᠷ᠎ᠠ ᠳᠤ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ ᠳᠤ ᠶᠠᠪᠤᠭᠳᠠᠪᠠ᠃ | ᠲᠣᠰ ᠤᠳᠠᠭ᠎ᠠ ᠶᠢᠨ ᠤᠷᠢᠨ ᠡᠯᠰᠡᠬᠦ ᠴᠤᠭᠯᠠᠭᠠᠨ ᠨᠢ 165 ᠠᠵᠤ ᠠᠬᠤᠶᠢᠯᠠᠯ ᠢ ᠵᠣᠬᠢᠶᠠᠨ ᠪᠠᠶᠢᠭᠤᠯᠤᠨ 4400 ᠭᠠᠷᠤᠢ ᠠᠵᠢᠯ ᠤᠨ ᠪᠠᠶᠢᠷᠢ | ᠬᠠᠩᠭᠠᠪᠠ᠃ ᠡᠭᠦᠨ ᠳᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠤ ᠠᠬᠤᠶᠢᠯᠠᠯ 40 ᠰᠢᠬᠠᠮ ᠪᠠᠶᠢᠵᠤ᠂ 1000 ᠰᠢᠬᠠᠮ ᠠᠵᠢᠯ ᠤᠨ ᠪᠠᠶᠢᠷᠢ | ᠬᠠᠩᠭᠠᠵᠤ᠂ 1800 ᠭᠠᠷᠤᠢ ᠠᠵᠢᠯ ᠡᠷᠢᠭᠰᠡᠳ ᠲᠤᠬᠠᠢ ᠶᠢᠨ ᠲᠠᠯᠠᠪᠠᠢ ᠶᠢᠨ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠣᠪᠴᠢ ᠨᠠᠮᠲᠠᠷ ᠳᠠᠷᠤᠮᠠᠯᠯᠠᠬᠤ ᠵᠡᠷᠭᠡ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ ᠲᠣᠬᠢᠷᠠᠭᠤᠯᠵᠤ᠂ | ᠴᠠᠭ ᠲᠤᠬᠠᠢ ᠳᠤᠨᠢ ᠨᠢᠭᠤᠷᠲᠠᠨ ᠰᠢᠯᠭᠠᠬᠤ ᠲᠤᠰᠬᠠᠢ ᠪᠤᠯᠤᠩ ᠭᠠᠷᠭᠠᠵᠤ᠂ ᠠᠵᠢᠯ ᠡᠷᠢᠭᠰᠡᠳ ᠬᠥᠮᠥᠨ ᠬᠡᠷᠡᠭᠯᠡᠬᠦ ᠨᠢᠭᠡᠴᠢ ᠲᠠᠢ ᠰᠢᠭᠤᠳ ᠠᠵᠢᠯ ᠤᠨ | ᠪᠠᠶᠢᠷᠢ ᠶᠢᠨ ᠨᠠᠷᠢᠨ ᠵᠦᠢᠯᠡᠰ ᠢ ᠶᠠᠷᠢᠯᠴᠠᠬᠤ ᠶᠢ ᠪᠡᠶᠡᠯᠡᠭᠦᠯᠪᠡ᠃ ︽ᠡᠭᠦᠯᠡᠨ ᠲᠠᠪᠴᠠᠩ ᠢᠶᠠᠷ ᠤᠷᠢᠨ ᠡᠯᠰᠡᠬᠦ︾ ᠦᠢᠯᠡᠴᠢᠯᠡᠭᠡ ᠶᠢ ᠵᠡᠷᠭᠡ ᠪᠠᠷ ᠨᠠᠪᠲᠠᠷᠡᠭᠦᠯᠵᠦ᠂ | ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠭᠰᠡᠳ ᠤᠨ ᠲᠤᠭ᠎ᠠ 3 ᠲᠦᠮᠡᠨ ᠬᠥᠮᠥᠨ ᠤᠳᠠᠭ᠎ᠠ ᠶᠢ ᠳᠠᠪᠠᠵᠤ᠂ ᠨᠡᠶᠢᠲᠡ 6100 ᠭᠠᠷᠤᠢ ᠬᠤᠪᠢ | ᠲᠣᠪᠴᠢ ᠨᠠᠮᠲᠠᠷ ᠲᠤᠰᠴᠦ ᠣᠯᠣᠭᠰᠠᠨ ᠪᠥᠭᠡᠳ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠢ ᠬᠤᠪᠢ | ᠲᠠᠷᠬᠠᠭᠠᠵᠤ᠂ ᠠᠵᠢᠯ ᠡᠷᠢᠭᠰᠡᠳ ᠲᠤ ᠪᠦᠭᠦ ᠲᠠᠯ᠎ᠠ ᠶᠢᠨ ᠠᠵᠢᠯ ᠣᠯᠭᠤᠯᠲᠠ ᠶᠢᠨ ᠳᠡᠮᠵᠢᠯᠭᠡ ᠬᠠᠩᠭᠠᠪᠠ᠃ | ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠣᠶᠤᠲᠠᠳ ᠤᠨ ᠠᠵᠢᠯ ᠡᠷᠢᠬᠦ ᠦᠪᠡᠳᠡᠭᠰᠢ ᠴᠤᠭᠯᠠᠭᠠᠨ ᠪᠤᠯᠬᠤ ᠪᠠᠷ ᠪᠠᠷᠠᠬᠤ ᠦᠭᠡᠢ ᠨᠠᠩ ᠴᠤ | ᠵᠠᠯᠠᠭᠤᠴᠤᠳ ᠤᠨ ᠠᠵᠢᠯ ᠣᠯᠭᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ | ᠭᠦᠭᠡᠬᠤᠲᠠ ᠶᠢᠨ ᠤᠯᠤᠰ ᠲᠦᠷᠦ ᠶᠢᠨ ᠵᠥᠪᠯᠡᠯᠭᠡᠨ ᠦᠷᠭᠦᠯᠵᠢᠯᠡᠨ ᠡᠲᠡᠭᠡᠳ ᠢᠯᠭᠠᠯ ᠤᠨ ᠭᠡᠰᠢᠭᠦᠳ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ | ᠠᠬᠤᠶᠢᠯᠠᠯ ᠤᠨ ᠬᠡᠷᠡᠭᠴᠡᠭᠡ ᠪᠣᠯᠣᠨ ᠵᠠᠯᠠᠭᠤᠴᠤᠳ ᠤᠨ ᠠᠵᠢᠯ ᠰᠣᠩᠭᠤᠯᠲᠠ ᠪᠠᠷ ᠤᠳᠤᠷᠢᠳᠤᠮᠵᠢ ᠪᠤᠯᠭᠠᠵᠤ᠂ ᠵᠠᠯᠠᠭᠤᠴᠤᠳ ᠤᠨ ᠠᠵᠢᠯ ᠣᠯᠭᠤᠯᠲᠠ ᠪᠣᠯᠣᠨ | ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠵᠠᠯᠠᠭᠤᠴᠤᠳ ᠲᠤ ᠨᠡᠩ ᠤᠯᠠᠨ ᠬᠥᠭᠵᠢᠯᠲᠡ ᠶᠢᠨ | ᠠᠵᠠ ᠲᠣᠭᠢᠶᠠᠯ ᠬᠠᠩᠭᠠᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠪᠣᠯᠣᠨ ᠠᠮᠢᠵᠢᠷᠠᠯ ᠤᠨ ᠬᠦᠴᠦᠨ | ᠨᠡᠮᠡᠷᠢᠯᠡᠬᠦ ᠪᠣᠯᠣᠨ᠎ᠠ᠃ | |