︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠥᠬᠡᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠬᠠᠮᠲᠤᠷᠠᠨ ᠰᠤᠷᠭᠠᠭᠤᠯᠢ ᠡᠷᠬᠢᠯᠡᠭᠰᠡᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠡ᠃ | ᠪᠡᠭᠡᠵᠢᠩ ᠤᠨ 101 ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ | ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ ᠵᠢᠴᠢ ᠪᠠᠭ᠎ᠠ ᠰᠤᠷᠭᠠᠭᠤᠯᠢ ᠶᠢᠨ ᠬᠡᠯᠲᠡᠰ ᠲᠤ᠂ ᠪᠣᠣ ᠭᠠᠩ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠤ ᠳᠡᠭᠡᠭᠰᠢᠯᠡᠯᠲᠡ᠂ ᠪᠠᠭᠰᠢ ᠶᠢᠨ ᠲᠣᠬᠢᠷᠠᠭᠤᠯᠤᠯᠲᠠ᠂ AI ᠵᠢᠭᠠᠨ ᠰᠤᠷᠭᠠᠯᠲᠠ᠂ ᠰᠤᠷᠤᠭᠴᠢ ᠶᠢᠨ ᠤᠷᠤᠨ ᠲᠤᠭᠠᠨ ᠤ ᠬᠠᠩᠭᠠᠯᠭᠠᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠬᠠᠷᠢᠶ᠎ᠠ ᠭᠠᠵᠠᠷ ᠢ ᠠᠵᠢᠯ ᠤᠨ ᠠᠬᠢᠴᠠ ᠪᠠᠨ ᠲᠦᠷᠭᠡᠳᠬᠡᠵᠦ᠂ ᠲᠡᠷᠢᠭᠦᠨ ᠤ ᠪᠠᠷᠢᠮᠵᠢᠶ᠎ᠠ ᠪᠠᠷ᠂ ᠰᠤᠷᠤᠯᠴᠠᠬᠤ ᠪᠠ ᠵᠢᠭᠠᠨ ᠰᠤᠷᠭᠠᠯᠲᠠ ᠳᠤ ᠲᠣᠬᠢᠷᠠᠮᠵᠢᠲᠠᠢ ᠣᠷᠴᠢᠨ ᠲᠣᠭᠤᠷᠢᠨ ᠢ | ᠪᠤᠢ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠵᠢᠱᠢᠶ᠎ᠡ ᠦᠵᠡᠭᠦᠯᠬᠦ ᠵᠠᠭᠪᠤᠷ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ | ᠭᠡᠵᠦ ᠱᠠᠭᠠᠷᠳᠠᠪᠠ᠃ | ᠳᠠᠷᠠᠭ᠎ᠠ ᠨᠢ᠂ ᠪᠣᠣ ᠭᠠᠩ ᠬᠠᠮᠲᠤᠷᠠᠨ ᠰᠤᠷᠭᠠᠭᠤᠯᠢ ᠡᠷᠬᠢᠯᠡᠭᠰᠡᠨ ᠬᠡᠰᠡᠭ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠤᠯᠠᠨ ᠤ | ᠬᠠᠮᠲᠤᠷᠠᠨ ᠰᠤᠷᠭᠠᠭᠤᠯᠢ ᠡᠷᠬᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠰᠠᠨᠠᠯ ᠰᠠᠨᠠᠭᠤᠯᠭ᠎ᠠ ᠶᠢ ᠰᠣᠨᠣᠰᠴᠤ᠂ ᠰᠤᠷᠭᠠᠭᠤᠯᠢ ᠡᠷᠬᠢᠯᠡᠬᠦ ᠶᠢᠨ ᠬᠦᠴᠢᠷᠳᠡᠯ ᠢ | ᠯᠠᠪᠯᠠᠨ ᠠᠰᠠᠭᠤᠪᠠ᠃ | ᠪᠣᠣ ᠭᠠᠩ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠬᠥᠬᠡᠬᠤᠲᠠ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ᠂ ᠰᠤᠷᠤᠯᠴᠠᠬᠤ ᠳᠤ | ᠲᠣᠬᠢᠷᠠᠮᠵᠢᠲᠠᠢ ᠬᠤᠲᠠ ᠶᠢ ᠪᠠᠶᠢᠭᠤᠯᠬᠤ ᠶᠢᠨ ᠲᠣᠭᠤᠷᠢᠨ ᠳᠤ᠂ ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠪᠠ ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠠᠢ | ᠬᠠᠮᠲᠤᠷᠠᠨ ᠰᠤᠷᠭᠠᠭᠤᠯᠢ ᠡᠷᠬᠢᠯᠡᠬᠦ ᠶᠢ ᠢᠳᠡᠪᠬᠢᠲᠡᠢ ᠠᠬᠢᠭᠤᠯᠵᠤ᠂ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠬᠡᠷᠡᠭᠴᠡᠭᠡ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠰᠢᠭᠲᠠᠢ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠨᠡᠩ ᠥᠨᠳᠥᠷ ᠪᠠᠷᠢᠮᠵᠢᠶ᠎ᠠ᠂ | ᠨᠡᠩ ᠥᠷᠭᠡᠨ ᠬᠠᠷᠠᠭᠠᠰᠤ᠂ ᠨᠡᠩ ᠴᠢᠩᠭ᠎ᠠ ᠬᠠᠮᠲᠤᠷᠠᠯ ᠤᠨ ᠬᠦᠴᠦᠨ ᠢᠶᠠᠷ ᠬᠠᠮᠲᠤᠷᠠᠨ ᠰᠤᠷᠭᠠᠭᠤᠯᠢ ᠡᠷᠬᠢᠯᠡᠬᠦ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ | ᠭᠤᠣᠯ ᠰᠢᠵᠢᠮ ᠢ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠪᠠᠲᠤᠯᠠᠭ᠎ᠠ ᠶᠢ ᠴᠢᠩᠭᠠᠳᠬᠠᠨ᠂ ᠰᠠᠶᠢᠲᠤᠷ ᠦᠢᠯᠡᠴᠢᠯᠡᠵᠦ᠂ | ᠰᠤᠷᠭᠠᠭᠤᠯᠢ ᠣᠷᠣᠨ ᠨᠤᠲᠤᠭ ᠤᠨ ᠬᠢᠨ ᠭᠠᠷ ᠬᠤᠯᠪᠣᠨ ᠤᠢᠢᠯᠠᠭᠠᠭᠲᠠᠬᠤᠨ ᠢ ᠬᠠᠷᠢᠯᠴᠠᠨ ᠠᠭᠤᠰᠤᠯᠴᠠᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠢᠶᠠᠷᠤᠯᠲᠠ | ᠨᠡᠪᠲᠡᠷᠡᠯᠴᠡᠭᠡ ᠶᠢ ᠴᠢᠩᠭᠠᠳᠬᠠᠬᠤ᠂ ᠪᠠᠭᠰᠢ ᠶᠢᠨ ᠡᠩᠨᠡᠭᠡ ᠶᠢ ᠬᠠᠮᠲᠤ ᠴᠣᠭᠴᠠᠯᠠᠬᠤ ᠰᠢᠨ᠎ᠡ ᠶᠢ ᠡᠭᠦᠳᠬᠦ ᠦᠢᠯᠡᠳᠦᠯᠭᠡ ᠶᠢ ᠵᠤᠷᠢᠭᠲᠠᠢ ᠰᠦᠪᠡᠭᠴᠢᠯᠡᠵᠦ᠂ ᠥᠪᠡᠷᠮᠢᠴᠡ ᠣᠨᠴᠠᠯᠢᠭ | ᠲᠠᠢ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠢ ᠬᠥᠮᠦᠵᠢᠭᠦᠯᠬᠦ | ᠰᠣᠯᠢᠯᠴᠠᠭ᠎ᠠ᠂ ᠬᠠᠮᠲᠤ ᠬᠢᠴᠢᠶᠡᠯ ᠨᠡᠭᠡᠭᠡᠬᠦ᠂ ᠬᠠᠮᠵᠢᠯᠴᠠᠨ ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠰᠤᠷᠭᠠᠭᠤᠯᠢ ᠶᠢᠨ ᠵᠢᠱᠢᠶ᠎ᠡ ᠦᠵᠡᠭᠦᠯᠵᠦ ᠬᠦᠳᠦᠯᠦᠨ | ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠵᠢᠶ ᠶᠢᠩ᠂ ᠬᠤᠲᠠ ᠶᠢᠨ ᠳᠡᠳ᠋ ᠳᠠᠷᠤᠭ᠎ᠠ ᠹᠦ᠋ ᠶᠢᠨ ᠽᠠᠢ ᠣᠷᠣᠯᠴᠠᠵᠠᠶ᠃ |