︵ᠰᠤᠷᠪᠤᠯᠵᠢᠯᠠᠭᠴᠢ ᠰᠦᠩ ᠰᠢᠶᠠᠩ ᠬᠤᠸᠠ ᠯᠢᠶᠠᠩ ᠵᠢᠩ ᠱᠤ᠋ ᠴᠢᠮᠡᠭᠡᠯᠡᠭᠴᠢ ᠯᠢᠦ ᠯᠦ︶ ᠣᠶᠢᠷ᠎ᠠ ᠶᠢᠨ ᠡᠳᠦᠷ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ︽ ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠴᠡᠭ ᠤᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠢ | ᠨᠡᠶᠢᠲᠡᠯᠡᠵᠦ᠂ ᠪᠦᠬᠦ ᠤᠯᠤᠰ ᠤᠨ ᠨᠡᠶᠢᠲᠡ 168 ᠲᠥᠷᠥᠯ ᠵᠦᠢᠯ ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠩᠬᠠᠳᠤᠭᠠᠷ ᠪᠦᠯᠦᠭ | ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠴᠡᠭ ᠲᠤ ᠣᠷᠣᠪᠠ᠂ ᠡᠭᠦᠨ ᠳᠤ ᠬᠥᠬᠡᠬᠤᠲᠠ ᠶᠢᠨ 4 ᠲᠥᠷᠥᠯ ᠵᠦᠢᠯ ᠪᠠᠭᠲᠠᠵᠤ᠂ | ᠪᠦᠬᠦ ᠣᠷᠣᠨ ᠤ ᠵᠢᠭᠰᠠᠭᠠᠯᠲᠠ ᠳᠤ ᠣᠷᠣᠭᠰᠠᠨ ᠶᠡᠷᠦᠩᠬᠡᠢ ᠲᠣᠭᠠᠨ ᠤ 80% ᠶᠢ ᠡᠵᠡᠯᠡᠪᠡ᠃ | ᠡᠨᠡ ᠵᠢᠯ ᠤᠨ 2 ᠳ᠋ᠤᠭᠠᠷ ᠰᠠᠷ᠎ᠠ ᠳᠤ᠂ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠲᠢᠩᠬᠢᠮ ᠤᠨ ᠲᠦᠮᠡᠨ ᠮᠧᠭ᠎ᠠ ᠬᠡᠷᠡᠯ | ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠠᠮᠤᠭ ᠲᠦᠷᠦᠭᠦᠨ ᠳᠤ ᠭᠤᠷᠪᠠᠨ ᠲᠣᠮᠣ ᠡᠵᠡᠩᠨᠡᠯᠲᠡ ᠶᠢᠨ ᠠᠵᠤ ᠠᠬᠤᠶᠢᠯᠠᠯ᠂ ᠡᠯ᠎ᠡ ᠭᠠᠵᠠᠷ | ᠣᠷᠣᠨ᠂ ᠬᠦᠷᠢᠶᠡᠯᠡᠩ ᠲᠣᠭᠤᠷᠢᠭ ᠵᠢᠴᠢ ᠬᠡᠰᠡᠭ ᠭᠤᠣᠯᠳᠠᠯᠭ᠎ᠠ ᠲᠠᠢ ᠠᠵᠤ ᠦᠢᠯᠡᠳᠪᠦᠷᠢ ᠠᠵᠤ ᠠᠬᠤᠶᠢᠯᠠᠯ ᠲᠠᠢ ᠵᠣᠯᠭᠠᠵᠤ᠂ ᠡᠯ᠎ᠡ ᠭᠠᠵᠠᠷ ᠣᠷᠣᠨ ᠤ | ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠭᠤᠶᠤᠴᠢᠯᠠᠨ ᠮᠡᠳᠡᠭᠦᠯᠬᠦ | ᠨᠥᠬᠦᠴᠡᠯ ᠳᠤ ᠨᠡᠶᠢᠴᠡᠭᠰᠡᠨ ᠬᠦᠷᠢᠶᠡᠯᠡᠩ ᠲᠣᠭᠤᠷᠢᠭ᠂ ᠦᠢᠯᠡᠳᠪᠦᠷᠢ᠂ ᠬᠤᠷᠢᠶᠠᠯᠠᠯ ᠢ ᠡᠮᠬᠢᠯᠡᠨ ᠲᠢᠭᠯᠡᠪᠡ᠃ ᠭᠤᠷᠪᠠᠨ ᠶᠡᠭᠡ ᠡᠵᠡᠩᠨᠡᠯᠲᠡ ᠶᠢᠨ ᠠᠵᠤ | ᠠᠬᠤᠶᠢᠯᠠᠯ ᠵᠢᠴᠢ ᠬᠤᠷᠢᠨᠭᠡᠷ ᠰᠢᠨ᠎ᠡ ᠲᠣᠭᠤᠷᠢᠭ ᠤᠨ ᠬᠦᠴᠦᠲᠡᠢ ᠬᠠᠮᠵᠢᠯᠴᠠᠭ᠎ᠠ ᠳᠣᠤᠷ᠎ᠠ᠂ ᠪᠥᠬᠦ ᠬᠤᠲᠠ ᠳᠤ ᠨᠡᠶᠢᠲᠡ 6 ᠲᠥᠷᠥᠯ ᠵᠦᠢᠯ ᠢ ᠲᠦᠮᠡᠨ ᠮᠧᠭ᠎ᠠ | ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠪᠡ᠃ ᠡᠴᠦᠰ ᠲᠤ᠂ ᠬᠤᠷᠢᠨᠭᠡᠷ ᠰᠢᠨ᠎ᠡ ᠲᠣᠭᠤᠷᠢᠭ ︽ᠲᠦᠮᠡᠨ | ᠮᠧᠭ᠎ᠠ ᠶᠢᠨ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠵᠦ᠂ ᠮᠧᠩ ᠨᠢᠦ ᠰᠦ ᠶᠢᠨ ᠦᠢᠯᠡᠰ ︽ᠲᠦᠮᠡᠨ ᠮᠧᠭ᠎ᠠ ᠶᠢᠨ ᠦᠢᠯᠡᠳᠪᠦᠷᠢ︾ ᠪᠠᠷ ᠦᠨᠡᠯᠡᠭᠳᠡᠵᠦ᠂ | ᠬᠥᠬᠡᠬᠤᠲᠠ ᠶᠢᠨ ᠿᠧᠨ ᠼᠠᠢ ᠵᠢᠶᠠ ᠶᠤᠸᠠᠨ᠂ ᠸᠠᠨ ᠶᠢᠨ ᠶᠦᠨ ᠰᠢ ︽ᠲᠦᠮᠡᠨ ᠮᠧᠭ᠎ᠠ ᠶᠢᠨ ᠬᠤᠷᠢᠶᠠᠯᠠᠯ︾ ᠢᠶᠠᠷ ᠦᠨᠡᠯᠡᠭᠳᠡᠪᠡ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠴᠢᠮᠡᠭᠡ ᠬᠤᠯᠪᠣᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ 4 ᠲᠤᠷᠰᠢᠯᠲᠠ ᠶᠢᠨ ᠴᠡᠭ ᠤᠨ | ᠲᠥᠷᠥᠯ ᠵᠦᠢᠯ ᠢ ᠮᠡᠳᠡᠭᠦᠯᠦᠭᠰᠡᠨ ᠬᠠᠷᠠᠯᠲᠠ ᠶᠣᠰᠣᠭᠠᠷ ᠲᠦᠷᠭᠡᠳᠬᠡᠨ ᠪᠠᠶᠢᠭᠤᠯᠵᠤ᠂ 50G - PON ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠦᠷᠬᠦᠬᠦ᠂ | 7 ᠳ᠋ᠤᠭᠠᠷ ᠦᠶ᠎ᠡ ᠶᠢᠨ ᠤᠲᠠᠰᠤ ᠥᠬᠡᠶ ᠬᠡᠰᠡᠭᠯᠡᠯ ᠰᠦᠯᠵᠢᠶᠡᠨ ᠤ ᠪᠦᠷᠬᠦᠯᠲᠡ᠂ ᠲᠦᠮᠡᠨ ᠮᠧᠭ᠎ᠠ ᠳᠤ ᠬᠠᠨᠳᠤᠭᠤᠯᠤᠭᠰᠠᠨ FTH᠂ FTR ᠠᠬᠤᠢ ᠪᠠᠶᠢᠳᠠᠯ | ᠤᠨ ᠬᠡᠷᠡᠭᠯᠡᠯᠲᠡ᠂ ᠳᠡᠭᠡᠳᠦ ᠬᠤᠷᠳᠤᠴᠠᠲᠤ OTN ᠲᠤᠰᠬᠠᠶ ᠱᠤᠭᠤᠮ ᠤᠨ ᠬᠤᠯᠪᠣᠭ᠎ᠠ ᠵᠡᠷᠭᠡ ᠲᠤᠷᠰᠢᠯᠲᠠ ᠶᠢᠨ ᠴᠡᠭ ᠤᠨ ᠬᠠᠷᠠᠯᠲᠠ ᠶᠢ ᠴᠠᠭ ᠲᠤᠬᠠᠶ ᠳᠤᠨᠢ | ᠪᠡᠶᠡᠯᠡᠭᠦᠯᠬᠦ ᠶᠢ ᠪᠠᠲᠤᠯᠠᠵᠤ᠂ ᠲᠦᠮᠡᠨ ᠮᠧᠭ᠎ᠠ ᠬᠡᠷᠡᠯ ᠰᠢᠷᠬᠡᠭ ᠤᠨ ᠰᠦᠯᠵᠢᠶᠡᠨ ᠤ ᠲᠤᠷᠰᠢᠯᠲᠠ ᠶᠢᠨ ᠴᠡᠭ ᠤᠨ ᠬᠡᠷᠡᠭᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ | ᠪᠥᠬᠦ ᠬᠤᠲᠠ ᠶᠢᠨ ᠰᠦᠯᠵᠢᠶᠡᠨ ᠤ ᠬᠡᠲᠦ ᠥᠨᠳᠥᠷ ᠬᠤᠷᠳᠤᠴᠠ᠂ ᠶᠡᠭᠡ ᠪᠠᠭᠲᠠᠭᠠᠮᠵᠢ᠂ ᠤᠶᠤᠨᠴᠢᠯᠠᠭᠰᠠᠨ ᠲᠠᠰ ᠳᠡᠪᠰᠢᠬᠤ ᠲᠡᠶᠢᠰᠢ ᠬᠦᠭᠵᠢᠬᠦ ᠶᠢ | ᠠᠬᠢᠭᠤᠯᠤᠨ᠎ᠠ᠃ | |