ᠭᠦᠭᠡᠬᠤᠲᠠ ᠪᠤᠭᠤᠲᠤ ᠪᠦᠭᠦ ᠤᠯᠤᠰ ᠤᠨ PM2.5 ᠶᠢᠨ ᠥᠳᠬᠡᠴᠡ ᠨᠡᠯᠢᠶᠡᠳ ᠳᠣᠣᠷ᠎ᠠ ᠬᠤᠲᠠ ᠶᠢᠨ ᠡᠮᠦᠨ᠎ᠡ 20 ᠳᠤ ᠵᠢᠭᠰᠠᠭᠠᠭᠳᠠᠵᠠᠢ
ᠨᠡᠶᠢᠲᠡᠯᠡᠭᠰᠡᠨ ᠴᠠᠭ᠄
2025/4/10
      ᠠᠮᠢ ᠠᠬᠤᠢ ᠣᠷᠴᠢᠨ ᠲᠣᠭᠤᠷᠢᠨ ᠤ ᠶᠠᠮᠤᠨ ᠤ ᠰᠢᠨ᠎ᠡ ᠪᠠᠷ ᠨᠡᠶᠢᠲᠡᠯᠡᠭᠰᠡᠨ 2025 ᠣᠨ ᠤ 2 ᠰᠠᠷ᠎ᠠ ᠶᠢᠨ ᠪᠦᠭᠦ ᠤᠯᠤᠰ ᠤᠨ ᠣᠷᠴᠢᠨ ᠲᠣᠭᠤᠷᠢᠨ  ᠤ ᠠᠭᠠᠷ ᠤᠨ ᠶᠠᠰᠤ ᠴᠢᠨᠠᠷ ᠤᠨ ᠮᠡᠳᠡᠭᠦᠯᠦᠯᠲᠡ ᠶᠢ ᠦᠨᠳᠦᠰᠦᠯᠡᠪᠡᠯ ᠪᠤᠭᠤᠲᠤ ᠬᠤᠲᠠ᠂ ᠭᠦᠭᠡᠬᠤᠲᠠ ᠶᠢᠨ PM2.5 ᠶᠢᠨ ᠥᠳᠬᠡᠴᠡ ᠨᠡᠯᠢᠶᠡᠳ ᠳᠣᠣᠷ᠎ᠠ ᠪᠠᠶᠢᠭ᠎ᠠ 20 ᠬᠤᠲᠠ ᠶᠢᠨ ᠳᠣᠲᠣᠷ᠎ᠠ ᠲᠣᠰ ᠲᠣᠰ 14 ᠪᠠ 15 ᠳ᠋ᠤᠭᠠᠷ ᠲᠤ ᠵᠢᠭᠰᠠᠭᠠᠭᠳᠠᠵᠤ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃      2025 ᠣᠨ ᠤ 2 ᠰᠠᠷ᠎ᠠ ᠳᠤ ᠪᠦᠭᠦ ᠤᠯᠤᠰ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠪᠠᠶᠢᠳᠠᠯ ᠢ ᠨᠡᠶᠢᠲᠡᠯᠡᠵᠦ᠂ ᠪᠦᠭᠦ ᠤᠯᠤᠰ  ᠤᠨ 339 ᠲᠤᠰᠬᠠᠢ ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ PM2.5 ᠶᠢᠨ ᠳᠤᠮᠳᠠᠴᠢ ᠥᠳᠬᠡᠴᠡ ᠪᠣᠰᠤᠭ᠎ᠠ ᠳᠥᠷᠪᠡᠯᠵᠢᠨ ᠮᠧᠲᠷ ᠪᠦᠷᠢ ᠳᠤ 37.3 ᠮᠢᠺᠷᠥᠭᠷᠠᠮ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.4% ᠪᠠᠷ ᠪᠠᠭᠤᠷᠠᠪᠠ; PM10 ᠶᠢᠨ ᠳᠤᠮᠳᠠᠴᠢ ᠥᠳᠬᠡᠴᠡ ᠪᠣᠰᠤᠭ᠎ᠠ ᠳᠥᠷᠪᠡᠯᠵᠢᠨ ᠮᠧᠲᠷ ᠪᠦᠷᠢ ᠳᠤ 58 ᠮᠢᠺᠷᠥᠭᠷᠠᠮ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.9% ᠪᠠᠷ ᠪᠠᠭᠤᠷᠠᠪᠠ; ᠣᠽᠣᠨ ᠤ ᠳᠤᠮᠳᠠᠴᠢ ᠥᠳᠬᠡᠴᠡ ᠪᠣᠰᠤᠭ᠎ᠠ ᠳᠥᠷᠪᠡᠯᠵᠢᠨ ᠮᠧᠲᠷ ᠪᠦᠷᠢ ᠳᠤ 97 ᠮᠢᠺᠷᠥᠭᠷᠠᠮ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.0%  ᠢᠶᠠᠷ ᠪᠠᠭᠤᠷᠠᠪᠠ; ᠬᠦᠬᠦᠷ ᠤᠨ ᠳᠠᠪᠬᠤᠷ ᠢᠰᠦᠯ ᠤᠨ ᠳᠤᠮᠳᠠᠴᠢ ᠥᠳᠬᠡᠴᠡ ᠪᠣᠰᠤᠭ᠎ᠠ ᠳᠥᠷᠪᠡᠯᠵᠢᠨ ᠮᠧᠲᠷ ᠪᠦᠷᠢ ᠳᠤ 8 ᠮᠢᠺᠷᠥᠭᠷᠠᠮ ᠬᠦᠷᠴᠦ᠂ ᠠᠳᠠᠯᠢ ᠬᠤᠭᠤᠴᠠᠭᠠᠨ ᠤ ᠬᠢ ᠠᠴᠠ 11.1% ᠪᠠᠷ ᠪᠠᠭᠤᠷᠠᠪᠠ; ᠠᠽᠣᠲ ᠤᠨ ᠳᠠᠪᠬᠤᠷ ᠢᠰᠦᠯ ᠤᠨ ᠳᠤᠮᠳᠠᠴᠢ ᠥᠳᠬᠡᠴᠡ ᠪᠣᠰᠤᠭ᠎ᠠ ᠳᠥᠷᠪᠡᠯᠵᠢᠨ ᠮᠧᠲᠷ ᠪᠦᠷᠢ  ᠳᠤ 21 ᠮᠢᠺᠷᠥᠭᠷᠠᠮ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.7% ᠪᠠᠷ ᠳᠡᠭᠡᠭᠰᠢᠯᠡᠪᠡ; ᠨᠡᠭᠦᠷᠡᠰᠦᠲᠥ᠋ᠷᠥᠭᠴᠢ ᠶᠢᠨ ᠲᠠᠩ ᠢᠰᠦᠯ ᠤᠨ ᠳᠤᠮᠳᠠᠴᠢ ᠥᠳᠬᠡᠴᠡ  ᠪᠣᠰᠤᠭ᠎ᠠ ᠳᠥᠷᠪᠡᠯᠵᠢᠨ ᠮᠧᠲᠷ ᠪᠦᠷᠢ ᠳᠤ1.0 ᠮᠢᠯᠢᠭᠷᠡᠮ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.1% ᠪᠠᠷ ᠪᠠᠭᠤᠷᠠᠭᠰᠠᠨ ᠪᠠᠶᠢᠨ᠎ᠠ᠃    ᠡᠨᠡ ᠵᠢᠯ ᠤᠨ 2 ᠰᠠᠷ᠎ᠠ ᠳᠤ᠂ ᠪᠦᠭᠦ ᠤᠯᠤᠰ ᠤᠨ 339 ᠲᠤᠰᠬᠠᠢ ᠣᠷᠣᠨ ᠤ ᠲᠠᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠠᠭᠠᠷ  ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.1% ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ  ᠢᠶᠠᠷ 8.3 ᠬᠤᠪᠢ ᠳᠡᠭᠡᠭᠰᠢᠯᠡᠪᠡ; ᠳᠤᠮᠳᠠᠴᠢ ᠬᠦᠨᠳᠦ ᠵᠡᠷᠭᠡ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠤᠨ ᠡᠳᠦᠷ ᠤᠨ ᠲᠤᠭ᠎ᠠ ᠶᠢᠨ ᠬᠠᠷᠢᠴᠠᠯ 0.8% ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 3.2 ᠬᠤᠪᠢ ᠪᠠᠭᠤᠷᠠᠪᠠ᠃ ᠡᠯᠡᠰᠦᠨ ᠰᠢᠭᠤᠷᠭ᠎ᠠ ᠠᠴᠠ ᠪᠣᠯᠤᠭᠰᠠᠨ ᠳᠤᠮᠳᠠᠴᠢ ᠪᠠᠷᠢᠮᠵᠢᠶ᠎ᠠ ᠠᠴᠠ ᠬᠡᠲᠦᠷᠡᠭᠰᠡᠨ ᠡᠳᠦᠷ ᠤᠨ ᠲᠤᠭ᠎ᠠ ᠶᠢᠨ ᠬᠠᠷᠢᠴᠠᠯ 2.0% ᠪᠠᠶᠢᠵᠤ᠂ ᠡᠭᠦᠨ ᠳᠤ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠤᠨ ᠡᠳᠦᠷ ᠤᠨ ᠲᠤᠭ᠎ᠠ ᠶᠢᠨ ᠬᠠᠷᠢᠴᠠᠯ 0.5% ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ