ᠭᠦᠭᠡᠬᠤᠲᠠ ︽2025 ᠳᠤᠮᠳᠠᠳᠤ ᠤᠯᠤᠰ ᠤᠨ ᠬᠤᠲᠠ ᠶᠢᠨ ᠲᠤᠭ᠎ᠠ ᠪᠠᠷᠢᠮᠲᠠ ᠶᠢᠨ ᠬᠦᠴᠦᠨ ᠤ 100 ᠬᠦᠴᠦᠷᠬᠡᠭ︾ ᠢᠶᠠᠷ ᠰᠣᠩᠭᠤᠭᠳᠠᠵᠠᠢ
ᠨᠡᠶᠢᠲᠡᠯᠡᠭᠰᠡᠨ ᠴᠠᠭ᠄
2025/4/10
      ᠣᠶᠢᠷ᠎ᠠ ᠶᠢᠨ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠠᠢ ᠳ᠋ᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠤᠳᠤᠯᠭᠠᠨ ᠤ ᠬᠦᠷᠢᠶᠡᠯᠡᠩ ᠣᠶᠢᠷ᠎ᠠ ᠶᠢᠨ ᠡᠳᠦᠷ ︽2025 ᠳᠤᠮᠳᠠᠳᠤ ᠤᠯᠤᠰ ᠤᠨ ᠬᠤᠲᠠ ᠶᠢᠨ ᠲᠤᠭ᠎ᠠ ᠪᠠᠷᠢᠮᠲᠠ ᠶᠢᠨ ᠬᠦᠴᠦᠨ ᠤ 100 ᠬᠦᠴᠦᠷᠬᠡᠭ︾ ᠢ ᠨᠡᠶᠢᠲᠡᠯᠡᠵᠦ᠂ ᠭᠦᠭᠡᠬᠤᠲᠠ 26 ᠳ᠋ᠤᠭᠠᠷ ᠲᠤ ᠵᠢᠭᠰᠠᠭᠠᠭᠳᠠᠵᠤ᠂ ᠪᠡᠭᠡᠵᠢᠩ᠂ ᠱᠠᠩᠬᠠᠢ᠂ ᠱᠧᠨᠵᠧᠨ ᠵᠡᠷᠭᠡ ᠬᠤᠲᠠ ᠲᠠᠢ ᠬᠠᠮᠲᠤ ᠪᠠᠷ 30 ᠬᠦᠴᠦᠷᠬᠡᠭ ᠲᠤ ᠣᠷᠣᠵᠤ᠂ ᠲᠤᠭ᠎ᠠ ᠪᠠᠷᠢᠮᠲᠠ ᠶᠢᠨ ᠬᠦᠴᠦᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠢᠷᠢ ᠲᠦᠪᠰᠢᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠠᠢ᠃      ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ᠳ᠋ᠠᠶᠢᠲ᠋ᠠ ᠶᠢᠨ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠡᠷᠭᠡ  ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠢ ᠭᠦᠢᠯᠭᠡᠭᠡᠬᠦ᠂ ᠦᠷᠳᠡᠭ ᠢ ᠭᠦᠢᠴᠡᠳ ᠪᠠᠳᠠᠷᠠᠭᠤᠯᠬᠤ ᠵᠡᠷᠭᠡ ᠲᠠᠯ᠎ᠠ ᠪᠠᠷ ᠬᠦᠴᠦᠯᠡᠨ ᠴᠢᠷᠮᠠᠶᠢᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠪᠣᠯᠣᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠭᠰᠠᠨ ᠦᠷ᠎ᠡ ᠪᠦᠲᠦᠮᠵᠢ ᠢᠯᠡᠳᠲᠡ ᠪᠣᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠣᠯᠵᠠᠢ᠃ 2024 ᠣᠨ ᠳᠤ᠂ ᠭᠦᠭᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠭᠴᠢ ᠠᠵᠤ ᠦᠢᠯᠡᠰ ᠤᠨ ᠨᠡᠮᠡᠭᠳᠡᠯ ᠥᠷᠲᠡᠭ 172 ᠳ᠋ᠦᠩᠰᠢᠭᠤᠷ ᠲᠥᠭᠦᠷᠢᠭ ᠲᠤ ᠬᠦᠷᠴᠦ᠂ GDP ᠳᠤ ᠡᠵᠡᠯᠡᠬᠦ ᠬᠠᠷᠢᠴᠠᠯ ᠨᠢ 4.2% ᠲᠤ ᠬᠦᠷᠴᠡᠢ᠃ ᠣᠳᠣᠬᠠᠨ ᠪᠤᠯᠲᠠᠯ᠎ᠠ᠂ ᠭᠦᠭᠡᠬᠤᠲᠠ ᠶᠢᠨ ᠲᠤᠭ᠎ᠠ ᠪᠠᠷᠢᠮᠲᠠ ᠶᠢᠨ ᠠᠵᠤ ᠦᠢᠯᠡᠰ ᠤᠨ ᠠᠵᠤ ᠠᠬᠤᠶᠢᠯᠠᠯ ᠤᠨ ᠭᠤᠣᠯ ᠴᠣᠭᠴᠠ ᠨᠡᠶᠢᠲᠡ 398 ᠪᠠᠶᠢᠵᠤ᠂ ᠲᠤᠭ᠎ᠠ ᠪᠠᠷᠢᠮᠲᠠ ᠶᠢᠨ ᠬᠦᠴᠦᠨ ᠤ ᠦᠢᠯᠡᠴᠢᠯᠡᠭᠡᠨ ᠤ ᠲᠥᠪ ᠲᠤ ᠲᠦᠰᠢᠭᠯᠡᠨ 30 ᠭᠠᠷᠤᠢ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢ ᠬᠦᠰᠦᠨᠦᠭ ᠲᠤ ᠣᠷᠣᠭᠤᠯᠤᠨ ᠳᠠᠩᠰᠠᠯᠠᠬᠤ ᠠᠵᠢᠯ ᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠰᠢᠰᠲ᠋ᠧᠮ ᠤᠨ ᠰᠠᠭᠤᠷᠢ ᠪᠠᠲᠤ ᠪᠠᠬᠢ ᠪᠣᠯᠵᠠᠢ᠃      2025 ᠣᠨ ᠳᠤ᠂ ᠭᠦᠭᠡᠬᠤᠲᠠ ︽ᠪᠣᠬᠢᠷᠳᠤᠯ ᠦᠭᠡᠢ ᠪᠣᠳᠣᠯᠲᠠ ᠶᠢᠨ ᠬᠦᠴᠦᠨ ᠵᠢᠴᠢ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾  ᠢ ᠲᠣᠭᠲᠠᠭᠠᠨ ᠨᠡᠶᠢᠲᠡᠯᠡᠵᠦ᠂ ᠵᠢᠯ ᠪᠦᠷᠢ 1.28 ᠳ᠋ᠦᠩᠰᠢᠭᠤᠷ ᠲᠥᠭᠦᠷᠢᠭ ᠤᠨ ᠬᠤᠲᠠ ᠶᠢᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠲᠣᠬᠢᠷᠠᠭᠤᠯᠵᠤ ᠪᠣᠬᠢᠷᠳᠤᠯ ᠦᠭᠡᠢ ᠪᠣᠳᠣᠯᠲᠠ ᠶᠢᠨ ᠬᠦᠴᠦᠨ ᠪᠣᠯᠣᠨ ᠵᠣᠬᠢᠶᠠᠮᠠᠯ ᠤᠶᠤᠨ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠡᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ