︵ᠰᠤᠷᠪᠤᠯᠵᠢᠯᠠᠭᠴᠢ ᠯᠢᠶᠠᠩ ᠵᠢᠩ ᠱᠥ︶ 4 ᠳ᠋ᠦ᠋ᠭᠡᠷ ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ 2024 ᠣᠨ ᠳᠤ᠂ ᠪᠥᠬᠦ ᠬᠤᠲᠠ ᠶᠢᠨ ᠤᠯᠠᠭᠠᠨ ᠵᠠᠭᠠᠯᠮᠠᠶᠢᠲᠠᠨ ᠤ ᠰᠢᠰᠲ᠋ᠧᠮ ᠳᠤ ᠨᠡᠶᠢᠲᠡ 15134 ᠰᠠᠶᠢᠨ | ᠳᠤᠷᠠᠴᠤᠳ ᠳᠠᠩᠰᠠᠯᠠᠭᠤᠯᠵᠤ᠂ ᠪᠥᠬᠦ ᠣᠷᠣᠨ ᠤ ᠲᠡᠷᠢᠭᠦᠯᠡᠪᠡ᠃ ᠣᠲᠣ ᠪᠣᠯᠲᠠᠯ᠎ᠠ᠂ ᠪᠥᠬᠦ ᠬᠤᠲᠠ ᠶᠢᠨ ᠤᠯᠠᠭᠠᠨ ᠵᠠᠭᠠᠯᠮᠠᠶᠢᠲᠠᠨ ᠤ ᠰᠢᠰᠲ᠋ᠧᠮ ᠳᠤ ᠰᠠᠶᠢᠨ | ᠳᠤᠷᠠᠴᠤᠳ ᠨᠡᠶᠢᠲᠡ 15477 ᠪᠠᠶᠢᠨ᠎ᠠ᠃ | ᠣᠶᠢᠷ᠎ᠠ ᠶᠢᠨ ᠵᠢᠯ ᠳᠤ᠂ ᠪᠥᠬᠦ ᠬᠤᠲᠠ ᠶᠢᠨ ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠬᠢᠨ ᠰᠠᠶᠢᠨ ᠳᠤᠷᠠᠴᠤᠳ ᠢ ᠳᠠᠩᠰᠠᠯᠠᠬᠤ ᠠᠵᠢᠯ ᠢ ᠡᠷᠴᠢᠮᠲᠡᠢ | ᠥᠷᠨᠢᠭᠦᠯᠵᠦ᠂ 2020 ᠣᠨ ᠤ 3689 ᠬᠥᠮᠦᠨ ᠠᠴᠠ ᠣᠲᠣ ᠪᠣᠯᠲᠠᠯ᠎ᠠ 15477 ᠬᠥᠮᠦᠨ ᠪᠣᠯᠵᠤ᠂ ᠪᠥᠬᠦ ᠬᠤᠲᠠ ᠶᠢᠨ ᠤᠯᠠᠭᠠᠨ ᠵᠠᠭᠠᠯᠮᠠᠶᠢᠲᠠᠨ ᠤ | ᠰᠠᠶᠢᠨ ᠳᠤᠷᠠᠴᠤᠳ ᠤᠨ ᠳᠠᠩᠰᠠᠯᠠᠬᠤ ᠶᠤᠰᠤᠲᠠᠢ ᠶᠢ ᠪᠦᠬᠦᠨ ᠢ ᠳᠠᠩᠰᠠᠯᠠᠨ᠂ ᠵᠢᠷᠤᠮᠵᠢᠭᠤᠯᠬᠤ ᠪᠠᠷ ᠬᠠᠮᠢᠶᠠᠷᠤᠯᠲᠠ ᠶᠢ ᠠᠬᠢᠭᠤᠯᠵᠤ᠂ ᠤᠯᠠᠭᠠᠨ | ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠢᠨ᠎ᠡ ᠳᠡᠭᠲᠡᠷ ᠲᠤ ᠭᠠᠷᠭᠠᠪᠠ᠃ ᠦᠷᠯᠣᠭᠡᠨ ᠤ ᠮᠠᠷᠠᠰᠤᠨ ᠤᠷᠤᠯᠳᠤᠭᠠᠨ ᠤ ᠵᠠᠮ᠂ ᠨᠠᠷᠠ | ᠰᠢᠩᠭᠡᠬᠦ ᠦᠶ᠎ᠡ ᠶᠢᠨ ᠠᠭᠤᠳᠠᠮ ᠲᠠᠯᠠᠪᠠᠶ᠂ ᠭᠡᠷ ᠲᠡᠭᠡᠨ ᠬᠤᠴᠣᠷᠤᠭᠰᠠᠨ ᠨᠠᠰᠤᠲᠠᠨ ᠤ ᠬᠦᠷᠢᠶ᠎ᠡ᠂ ᠲᠦᠭᠡᠮᠡᠯ ᠬᠠᠶᠢᠷ᠎ᠠ ᠶᠢᠨ ᠨᠡᠶᠢᠲᠡ ᠶᠢᠨ ᠠᠰᠠᠷᠠᠮᠵᠢ ᠶᠢᠨ | ᠬᠢᠴᠢᠶᠡᠯ ᠤᠨ ᠲᠠᠩᠬᠢᠮ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠤᠲᠠ ᠶᠢᠨ ᠬᠤᠳᠠᠯᠳᠤᠭ᠎ᠠ ᠁ ᠭᠠᠵᠠᠷ ᠪᠣᠯᠭᠠᠨ ᠳᠤ ᠤᠯᠠᠭᠠᠨ | ᠵᠠᠭᠠᠯᠮᠠᠶᠢᠲᠠᠨ ᠤ ᠰᠠᠶᠢᠨ ᠳᠤᠷᠠᠴᠤᠳ ᠤᠨ ᠪᠠᠷ᠎ᠠ ᠬᠠᠷᠠᠭᠳᠠᠨ᠎ᠠ᠃ ᠪᠥᠬᠦ ᠬᠤᠲᠠ ᠶᠢᠨ ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠬᠢᠨ ︽ᠵᠤᠷᠢᠯᠲᠠ ᠲᠠᠢ᠂ | ᠦᠢᠯᠡᠳᠦᠯᠭᠡ ᠲᠠᠢ︾ ᠦᠢᠯᠡᠴᠢᠯᠡᠭᠡᠨ ᠤ ᠣᠨᠣᠯᠵᠢᠬᠤᠨ ᠢ ᠴᠢᠷᠮᠠᠶᠢᠨ ᠦᠢᠯᠡᠳᠦᠯᠭᠡᠵᠢᠭᠦᠯᠵᠦ᠂ ᠤᠷᠤᠯᠳᠤᠭᠠᠨ ᠤ ᠵᠠᠮ ᠤᠨ ᠪᠠᠲᠤᠯᠠᠭ᠎ᠠ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ᠂ ᠭᠡᠷ ᠲᠡᠭᠡᠨ ᠬᠤᠴᠣᠷᠤᠭᠰᠠᠨ ᠨᠠᠰᠤᠲᠠᠨ ᠢ ᠬᠠᠯᠠᠮᠵᠢᠯᠠᠬᠤ᠂ ᠨᠠᠰᠤᠨ ᠳᠤ ᠥᠯᠥ | ᠭᠦᠷᠦᠭᠰᠡᠳ ᠢ ᠬᠠᠯᠠᠮᠵᠢᠯᠠᠬᠤ ᠵᠡᠷᠭᠡ ᠣᠯᠠᠨ ᠶᠠᠩᠵᠤ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠵᠦ᠂ ᠬᠠᠶᠢᠷ᠎ᠠ ᠪᠠᠷ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠦᠨᠡᠨ ᠰᠡᠳᠬᠢᠯ ᠢᠶᠠᠷ ᠠᠷᠠᠳ ᠤᠨ ᠰᠡᠳᠬᠢᠯ ᠢ ᠨᠢᠭᠲᠠᠷᠠᠭᠤᠯᠵᠤ᠂ ᠤᠷᠤᠨ ᠤ | ᠲᠥᠪ ᠬᠤᠲᠠ ᠶᠢᠨ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | |