ᠬᠥᠬᠡᠬᠤᠲᠠ ᠶᠢᠨ ᠳᠥᠷᠪᠡᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠵᠦᠪᠰᠢᠶᠡᠷᠡᠭᠳᠡᠪᠡ
ᠨᠡᠶᠢᠲᠡᠯᠡᠭᠰᠡᠨ ᠴᠠᠭ᠄
2025/4/11
      ︵ᠰᠤᠷᠪᠤᠯᠵᠢᠯᠠᠭᠴᠢ ᠶᠠᠩ ᠶᠦᠩ ᠭᠠᠩ ᠡᠦ ᠽᠢ ᠰᠢᠤᠸᠠᠨ︶ ᠣᠶᠢᠷ᠎ᠠ ᠳᠤ᠂ 2025 ᠣᠨ ᠳᠤ ᠠᠵᠤ ᠦᠢᠯᠡᠳᠪᠦᠷᠢ ᠶᠢᠨ ᠵᠥᠭᠡᠯᠡᠨ ᠲᠣᠨᠤᠭ᠂ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠲᠣᠨᠤᠭ ᠲᠥᠬᠦᠭᠡᠷᠦᠮᠵᠢ᠂ ᠬᠡᠶᠢᠰᠪᠦᠷᠢ ᠴᠠᠬᠢᠯᠭᠠᠨ ᠦᠢᠯᠡᠳᠪᠦᠷᠢ᠂ ᠰᠦᠯᠵᠢᠶᠡᠨ ᠤ ᠣᠷᠣᠨ ᠵᠠᠶ ᠶᠢᠨ ᠠᠮᠤᠷ ᠲᠦᠪᠰᠢᠨ ᠵᠡᠷᠭᠡ 4 ᠲᠦᠷᠦᠭᠦᠤ ᠪᠦᠯᠦᠭ ᠤᠨ ᠬᠥᠬᠡᠬᠤᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠳᠠᠩᠰᠠᠯᠠᠭᠤᠯᠵᠤ᠂ ᠡᠨᠡ ᠨᠢ ᠬᠥᠬᠡᠬᠤᠲᠠ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠤᠷ᠎ᠠ᠂ ᠶᠠᠭ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠷᠢᠰᠢᠭᠤᠯᠵᠤ᠂ ᠣᠯᠠᠨ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠶ ᠶᠢᠨ ᠠᠵᠤ ᠦᠢᠯᠡᠰ ᠲᠤ ᠡᠨᠧᠷᠭᠢ ᠤᠯᠭᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃      ᠡᠨᠡ 4 ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ︽ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠲᠥᠷᠥᠯ ᠬᠤᠪᠢᠶᠠᠨ ᠵᠢᠯᠣᠭᠤᠳᠬᠤ᠂ ᠡᠬᠢ ᠪᠠᠶᠠᠯᠢᠭ ᠢ ᠨᠡᠶᠢᠳᠭᠡᠬᠦ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ᠂ ᠬᠠᠮᠵᠢᠯᠴᠠᠨ ᠰᠢᠨ᠎ᠡ ᠶᠢ ᠡᠭᠦᠳᠬᠦ︾ ᠪᠦᠲᠦᠭᠡᠨ ᠪᠠᠶᠢᠭᠤᠯᠤᠯᠲᠠ ᠶᠢᠨ ᠵᠠᠷᠴᠢᠮ ᠢ ᠴᠢᠩᠭ᠎ᠠ ᠵᠢᠷᠤᠮᠯᠠᠨ᠂ ︽ᠪᠣᠯᠪᠠᠰᠤᠷᠠᠩᠭᠤᠶ ᠪᠤᠯᠤᠭᠰᠠᠨ ᠳᠠᠷᠤᠢ ᠪᠦᠲᠦᠭᠡᠨ ᠪᠠᠶᠢᠭᠤᠯᠬᠤ︾ ᠣᠨᠣᠯᠵᠢᠬᠤᠨ ᠢ ᠪᠠᠷᠢᠮᠲᠠᠯᠠᠵᠤ᠂ ᠡᠯ᠎ᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠶ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠳᠤ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠣᠷᠣᠨ ᠤ ᠳᠣᠲᠣᠨ᠎ᠠ ᠭᠠᠳᠠᠨᠠᠬᠢ ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠪᠯᠡᠷᠡᠭᠦᠯᠦᠨ᠂ ᠠᠵᠤ ᠦᠢᠯᠡᠰ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠮᠡᠷᠭᠡᠵᠢᠯ ᠤᠨ ᠪᠣᠭᠤᠮᠢ ᠶᠢ ᠰᠢᠪᠲᠤᠯᠤᠨ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ