ᠤᠮᠠᠷᠠᠲᠤ ᠶᠢᠨ ᠠᠩᠬᠠᠳᠠᠭᠴᠢ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠲᠤᠰᠬᠠᠶ ᠰᠠᠭᠤᠷᠢ ᠮᠥᠩᠭᠦ ᠶᠢ ᠬᠥᠬᠡᠬᠤᠲᠠ ᠳᠤ ᠳᠠᠩᠰᠠᠯᠠᠭᠤᠯᠪᠠ
ᠨᠡᠶᠢᠲᠡᠯᠡᠭᠰᠡᠨ ᠴᠠᠭ᠄
2025/4/11
       ︵ᠰᠤᠷᠪᠤᠯᠵᠢᠯᠠᠭᠴᠢ ᠶᠠᠩ ᠶᠦᠩ ᠭᠠᠩ︶ 4 ᠳ᠋ᠦ᠋ᠭᠡᠷ ᠰᠠᠷ᠎ᠠ ᠶᠢᠨ 9 ᠤ ᠡᠳᠦᠷ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 8 ᠤ ᠡᠳᠦᠷ᠂ ᠬᠥᠬᠡᠬᠤᠲᠠ ᠪᠣᠯᠤᠨ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠴᠠ ᠬᠠᠮᠲᠤ ᠪᠠᠷ ᠡᠭᠦᠰᠭᠡᠨ ᠪᠠᠢᠭᠤᠯᠤᠭᠰᠠᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠲᠤᠰᠬᠠᠶ ᠰᠠᠭᠤᠷᠢ ᠮᠥᠩᠭᠦ ᠶᠢ ᠬᠥᠬᠡᠬᠤᠲᠠ ᠳᠤ ᠠᠮᠵᠢᠯᠲᠠ ᠲᠠᠢ ᠳᠠᠩᠰᠠᠯᠠᠭᠤᠯᠪᠠ᠃ ᠡᠨᠡ ᠬᠦ ᠰᠠᠭᠤᠷᠢ ᠮᠥᠩᠭᠦ ᠶᠢ ᠪᠠᠶᠢᠭᠤᠯᠤᠭᠰᠠᠨ ᠨᠢ ᠬᠥᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ ᠶᠢ ᠠᠬᠢᠭᠤᠯᠬᠤ ᠵᠠᠮ ᠳᠡᠭᠡᠷ᠎ᠡ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃      ᠲᠣᠰ ᠲᠤᠰᠬᠠᠶ ᠰᠠᠭᠤᠷᠢ ᠮᠥᠩᠭᠦ ᠶᠢᠨ ᠶᠡᠷᠦᠩᠬᠡᠶ ᠬᠡᠪᠴᠢᠶ᠎ᠡ ᠶᠢ 2 ᠳ᠋ᠦᠩᠰᠢᠭᠤᠷ ᠲᠥᠭᠦᠷᠢᠭ ᠪᠠᠶᠢᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠦᠷᠦᠭᠦᠯᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠳᠣᠤᠷᠠᠬᠢ ᠭᠤᠸᠠᠩᠳᠦ᠋ᠩ ᠤᠨ ᠬᠠᠮᠵᠢᠯᠴᠠᠨ ᠰᠢᠨ᠎ᠡ ᠶᠢ ᠡᠭᠦᠳᠬᠦ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠰᠠᠭᠤᠷᠢ ᠮᠥᠩᠭᠦ ᠶᠢᠨ ᠬᠠᠮᠢᠶᠠᠷᠤᠭᠴᠢ ᠪᠣᠯᠭᠠᠬᠤ ᠪᠠᠷ ᠰᠣᠩᠭᠤᠨ ᠲᠣᠭᠲᠠᠭᠠᠪᠠ᠃ ᠲᠠᠷᠠᠭᠠᠴᠢ ᠶᠢᠨ ᠡᠵᠡᠩᠨᠡᠯᠲᠡ ᠬᠠᠮᠢᠶᠠᠷᠤᠯᠲᠠ ᠶᠢᠨ ᠶᠠᠪᠤᠴᠠ ᠳᠤ᠂ ᠰᠠᠭᠤᠷᠢ ᠮᠥᠩᠭᠦ ᠨᠢ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠲᠤᠰᠬᠠᠶ ᠬᠠᠮᠢᠶᠠᠷᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠵᠠᠷᠴᠢᠮ ᠢ ᠴᠢᠩᠭ᠎ᠠ ᠵᠢᠷᠤᠮᠯᠠᠨ᠂ ︽ᠡᠷᠲᠡ ᠪᠡᠯᠡ ᠣᠷᠣᠭᠤᠯᠬᠤ᠂ ᠪᠠᠭ᠎ᠠ ᠪᠠᠯᠠ ᠣᠷᠣᠭᠤᠯᠬᠤ᠂ ᠣᠷᠳᠣ ᠬᠤᠭᠤᠴᠠᠭ᠎ᠠ ᠪᠠᠷ ᠪᠠᠯᠠ ᠣᠷᠣᠭᠤᠯᠬᠤ᠂ ᠬᠠᠲᠠᠭᠤ ᠰᠢᠨᠵᠢᠯᠡᠬᠦ ᠤᠬᠠᠭᠠᠨ ᠮᠡᠷᠭᠡᠵᠢᠯ ᠳᠤ ᠪᠠᠯᠠ ᠣᠷᠣᠭᠤᠯᠬᠤ︾ ᠪᠠᠷ ᠭᠤᠤᠯ ᠪᠠᠯᠠ ᠣᠷᠣᠭᠤᠯᠤᠯᠲᠠ ᠶᠢᠨ ᠠᠷᠭ᠎ᠠ ᠪᠣᠳᠣᠯᠭ᠎ᠠ ᠪᠣᠯᠭᠠᠵᠤ᠂ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠭᠲᠠᠭᠠᠨ᠎ᠠ᠃      ᠤᠮᠠᠷᠠᠲᠤ ᠶᠢᠨ ᠠᠩᠬᠠᠳᠠᠭᠴᠢ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠲᠤᠰᠬᠠᠶ ᠰᠠᠭᠤᠷᠢ ᠮᠥᠩᠭᠦ ᠪᠣᠯᠤᠭᠰᠠᠨ ᠤ ᠬᠤᠪᠢ ᠳᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃ ᠲᠣᠰ ᠰᠠᠭᠤᠷᠢ ᠮᠥᠩᠭᠦ ᠪᠣᠯ ᠬᠥᠬᠡᠬᠤᠲᠠ ᠶᠢᠨ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠪᠠᠷ ᠬᠠᠮᠲᠤᠷᠠᠯᠴᠠᠬᠤ ᠶᠢ ᠭᠦᠨᠵᠡᠭᠡᠶ ᠠᠬᠢᠭᠤᠯᠵᠤ᠂ ᠬᠠᠢ ᠳ᠋ᠢᠶᠠᠨ ᠲᠣᠭᠤᠷᠢᠭ ᠯᠤᠭ᠎ᠠ ᠶᠢᠨ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠰᠠᠭᠤᠷᠢ ᠮᠥᠩᠭᠦ ᠨᠢ ᠢᠷᠡᠭᠡᠳᠦᠶ ᠶᠢᠨ ᠠᠵᠤ ᠦᠢᠯᠡᠰ ᠤᠨ ᠣᠷᠣᠭᠤᠯᠤᠯᠲᠠ ᠶᠢᠨ ᠦᠷᠭᠦᠯᠵᠢᠯᠡᠬᠦ ᠨᠡᠮᠡᠭᠳᠡᠯ ᠤᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂        ︽ᠮᠡᠷᠭᠡᠵᠢᠯ ᠢ ᠰᠤᠳᠤᠯᠤᠨ ᠨᠡᠭᠡᠭᠡᠬᠦ — ᠠᠬᠤᠶ ᠪᠠᠶᠢᠳᠠᠯ ᠢ ᠬᠡᠷᠡᠭᠯᠡᠬᠦ — ᠢᠷᠡᠭᠡᠳᠦᠶ ᠶᠢᠨ ᠠᠵᠤ ᠦᠢᠯᠡᠰ︾ ᠤᠨ ᠰᠠᠶᠢᠨ ᠰᠠᠶᠢᠬᠠᠨ ᠪᠢᠲᠡᠭᠦᠦ ᠴᠠᠭᠠᠷᠢᠭ ᠢ ᠪᠦᠷᠢᠯᠳᠦᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠦᠷᠢᠶ᠎ᠡ ᠴᠠᠷᠠᠭ᠎ᠠ ᠳᠤ᠂ ᠬᠡᠪᠴᠢᠶᠡᠵᠢᠭᠰᠡᠨ ᠬᠡᠷᠡᠭᠯᠡᠭᠡᠨ ᠤ ᠪᠠᠶᠢᠳᠠᠯ ᠢ ᠪᠣᠶ ᠪᠤᠯᠭᠠᠬᠤ ᠪᠠᠷ ᠴᠢᠷᠮᠠᠶᠢᠨ᠂ ᠡᠨᠧᠷᠭᠢ ᠶᠢᠨ ᠠᠵᠤ ᠦᠢᠯᠡᠰ ᠤᠨ ᠰᠢᠨᠡᠴᠢᠯᠡᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃ ᠪᠤᠳᠤᠯᠭ᠎ᠠ ᠶᠢᠨ ᠬᠦᠴᠦᠨ ᠤ ᠴᠢᠫ ᠤᠨ ᠬᠦᠷᠢᠶᠡᠨ ᠳᠤ ᠪᠡᠶ᠎ᠡ ᠪᠠᠨ ᠳᠠᠭᠠᠭᠠᠭᠰᠠᠨ ᠡᠵᠡᠮᠰᠢᠯᠲᠤ ᠬᠠᠩᠭᠠᠯᠭ᠎ᠠ ᠶᠢᠨ ᠬᠡᠯᠬᠢᠶ᠎ᠡ ᠶᠢ ᠬᠦᠴᠦᠯᠡᠨ ᠪᠠᠶᠢᠭᠤᠯᠵᠤ᠂ ᠠᠵᠤ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠬᠦᠷᠢᠶᠡᠨ ᠳᠤ ᠨᠠᠷᠢᠯᠢᠭ ᠣᠨᠣᠴᠠᠲᠠᠢ ᠡᠮᠴᠢᠯᠡᠭᠡᠨ ᠤ ᠰᠢᠨ᠎ᠡ ᠶᠢ ᠡᠭᠦᠳᠬᠦ ᠬᠡᠪ ᠳᠠᠭᠤᠷᠢᠶᠠᠯ ᠢ ᠨᠢᠮᠪᠠᠢ ᠪᠤᠶᠢᠵᠢᠭᠤᠯᠵᠤ᠂ ᠠᠵᠢᠯ ᠲᠥᠷᠥᠯ ᠤᠨ ᠬᠤᠰᠢᠭᠤᠷᠠᠯ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠷᠣᠨ ᠤ ᠲᠦᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ