ᠾᠧ ᠬᠠᠢ ᠳ᠋ᠦᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ | ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠢ | ᠰᠢᠭᠤᠢ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠦᠭᠵᠢᠬᠦᠯᠦᠯᠲᠡ ᠶᠢᠨ ᠲᠥᠯᠦᠪᠵᠢᠭᠦᠯᠭᠡ︾ ᠶᠢᠨ ᠬᠡᠰᠡᠭ ᠭᠦᠢᠴᠡᠳᠬᠡᠯ ᠲᠤᠭ᠎ᠠ ᠪᠠ 2025 ᠣᠨ ᠤ ᠨᠡᠶᠢᠭᠡᠮ ᠤᠨ ᠠᠪᠤᠷᠠᠨ | ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠰᠤᠳᠤᠯᠤᠨ ᠲᠣᠬᠢᠷᠠᠭᠤᠯᠵᠤ᠂ ︽ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠦᠷᠢᠮ ︵ᠵᠠᠰᠠᠪᠤᠷᠢ | ᠣᠷᠣᠭᠤᠯᠤᠭᠰᠠᠨ ᠲᠥᠰᠦᠯ︶︾ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ | ᠯᠠᠪᠳᠠᠭᠤᠨ ᠢᠶᠠᠷ ᠬᠥᠭᠵᠢᠭᠦᠯᠦᠨ ᠮᠠᠨᠳᠤᠭᠤᠯᠬᠤ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠢ ᠰᠢᠭᠤᠢ ᠪᠠ ᠨᠤᠲᠤᠭ | ᠪᠡᠯᠴᠢᠭᠡᠷ ᠤᠨ ᠬᠠᠮᠠᠭᠠᠯᠠᠯᠲᠠ ᠬᠦᠭᠵᠢᠬᠦᠯᠦᠯᠲᠡ ᠶᠢᠨ ᠲᠥᠯᠥᠪᠵᠢᠭᠦᠯᠭᠡ︾ ᠶᠢᠨ ᠬᠡᠰᠡᠭ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠬᠤ ᠶᠢᠨ ᠬᠠᠮᠲᠤ | ᠲᠣᠬᠢᠷᠠᠭᠤᠯᠤᠯᠲᠠ ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠢᠨ᠎ᠡ ᠲᠣᠭᠲᠠᠭᠠᠯ ᠢ ᠴᠢᠩᠭ᠎ᠠ | ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠠᠲᠤᠯᠠᠭ᠎ᠠ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨᠬᠦ ᠪᠠᠲᠤᠯᠠᠬᠤ | ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠦᠷᠢᠮ ︵ᠵᠠᠰᠠᠪᠤᠷᠢ ᠣᠷᠣᠭᠤᠯᠤᠭᠰᠠᠨ | ᠲᠥᠰᠥᠯ︶︾ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠪᠠ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠴᠢᠳᠠᠮᠵᠢ ᠶᠢᠨ ᠳᠠᠪᠠᠭᠤᠯᠢᠭ ᠪᠠ ᠨᠡᠭᠡᠭᠡᠯᠲᠡ ᠬᠢᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠷᠣᠨ ᠤ | ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠲᠣ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠶᠢ | ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠬᠤᠭᠤᠰᠣᠨ ᠲᠣᠰᠬᠤᠨ︾ ᠤ ᠵᠠᠰᠠᠯᠲᠠ ᠶᠢ | ᠠᠬᠢᠭᠤᠯᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠭᠦᠨᠵᠡᠭᠡᠶ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |