ᠬᠦᠬᠡᠬᠤᠲᠠ ᠰᠢᠨ᠎ᠡ ᠨᠢᠭᠡ ᠡᠭᠡᠯᠵᠢ ᠶᠢᠨ ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/4/14
     ︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ᠂ ᠬᠥᠬᠡᠬᠤᠲᠠ ᠶᠢᠨ ᠡᠳ᠋ ᠤᠨ ᠵᠠᠰᠠᠭ ᠠᠴᠠ ᠲᠤᠰᠬᠠᠢ ᠲᠥᠷᠥᠯ ᠤᠨ ᠪᠡᠯᠡ ᠮᠥᠩᠭᠦ 1000 ᠲᠦᠮᠡᠨ ᠲᠥᠭᠦᠷᠢᠭ ᠣᠷᠣᠭᠤᠯᠵᠤ᠂ ᠰᠢᠨ᠎ᠡ ᠨᠢᠭᠡ ᠡᠭᠡᠯᠵᠢ ᠶᠢᠨ ᠠᠭᠤᠷᠬᠠᠢ ᠬᠠᠶᠢᠬᠤ ᠪᠠᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠳᠤ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠷᠣᠨ ᠤ ᠳᠣᠲᠣᠷᠠᠬᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠮᠡᠳᠡᠭᠦᠯᠦᠭᠰᠡᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ 13 ᠲᠥᠷᠥᠯ ᠵᠦᠢᠯ ᠳᠤ ᠰᠢᠨᠵᠢᠯᠡᠬᠦ ᠤᠬᠠᠭᠠᠨᠴᠢ ᠨᠤᠲᠠᠯᠠᠯᠲᠠ ᠪᠠ ᠶᠡᠷᠦᠩᠬᠡᠶᠢᠯᠡᠭᠰᠡᠨ ᠬᠤᠪᠢ ᠲᠣᠭᠲᠠᠭᠠᠪᠠ᠃ ᠴᠢᠩᠭ᠎ᠠ ᠬᠢᠨᠠᠨ ᠲᠣᠭᠲᠠᠭᠠᠬᠤ ᠪᠠᠷ ᠳᠡᠮᠵᠢᠨ᠂ ᠨᠢᠭᠡᠳᠦᠭᠡᠷ ᠪᠦᠯᠦᠭ ᠤᠨ 10 ᠲᠥᠷᠥᠯ ᠵᠦᠢᠯ ᠢ ᠬᠢᠨᠠᠨ ᠪᠠᠶᠢᠴᠠᠭᠠᠯᠲᠠ ᠪᠠᠷ ᠳᠡᠮᠵᠢᠨ ᠬᠥᠮᠥᠷᠭᠡ ᠳᠤ ᠣᠷᠣᠭᠤᠯᠵᠤ᠂ ᠣᠯᠠᠨ ᠲᠡᠮᠦᠷᠯᠢᠭ ᠤᠨ ᠠᠭᠤᠷᠬᠠᠶ ᠶᠢᠨ ᠭᠠᠷᠤᠯᠲᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠵᠢᠴᠢ ᠴᠡᠪᠡᠷ ᠡᠨᠧᠷᠭᠢ ᠵᠡᠷᠭᠡ ᠬᠦᠷᠢᠶ᠎ᠡ ᠶᠢ ᠬᠠᠮᠤᠷᠴᠠᠶ᠃ ᠲᠣᠰ ᠵᠢᠯ ᠤᠨ ᠪᠠᠯᠠ ᠮᠥᠩᠭᠦ ᠶᠢᠨ ᠲᠥᠰᠦᠪ ᠪᠠ ᠬᠠᠷᠠᠯᠲᠠ ᠡᠭᠦᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠦᠴᠤᠸᠠᠨ ᠰᠢᠶᠠᠨ ᠤ ᠬᠤᠶᠠᠷ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠲᠥᠷᠥᠯ ᠵᠦᠢᠯ ᠪᠠ ᠲᠣᠭᠲᠠᠬᠤ ᠰᠢᠶᠠᠨ ᠤ ᠲᠣᠰᠣ ᠬᠡᠢ ᠡᠨᠧᠷᠭᠢ ᠶᠢᠨ ᠭᠠᠵᠠᠷ ᠵᠦᠢ ᠬᠠᠶᠢᠨ ᠬᠡᠮᠵᠢᠯᠲᠡ ᠶᠢᠨ 1 ᠲᠥᠷᠥᠯ ᠵᠦᠢᠯ ᠢ ᠲᠣᠰ ᠵᠢᠯ ᠤᠨ ᠲᠦᠷᠦᠭᠦᠦ ᠪᠦᠯᠦᠭ ᠬᠥᠮᠥᠷᠭᠡ ᠠᠴᠠ ᠭᠠᠷᠭᠠᠬᠤ ᠲᠥᠷᠥᠯ ᠵᠦᠢᠯ ᠪᠤᠯᠭᠠᠵᠠᠢ᠃      ᠣᠳᠣᠬᠠᠨ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠨᠲᠡ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠥᠷᠥᠯ ᠵᠦᠢᠯ ︵ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ 3 ᠲᠥᠷᠥᠯ ᠵᠦᠢᠯ ᠢ ᠪᠠᠭᠲᠠᠭᠠᠨ᠎ᠠ︶ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠵᠢᠩᠬᠢᠨᠢ ᠪᠠᠷ ᠨᠡᠶᠢᠲᠡᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ