︵ᠰᠤᠷᠪᠤᠯᠵᠢᠯᠠᠭᠴᠢ ᠴᠢ ᠰᠢᠶᠤᠤ ᠶᠠᠨ︶ 25 ᠳ᠋ᠤᠭᠠᠷ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠬᠦᠷᠴᠦ | ᠢᠷᠡᠬᠦ ᠳᠠᠰᠢᠷᠠᠮ ᠢᠶᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠢᠭᠤᠯᠬᠤ ᠠᠵᠢᠯ ᠢ ᠭᠦᠨᠵᠡᠭᠡᠢ | ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ︶ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠬᠢᠮᠡᠯ ᠣᠶᠤᠨ︾ ᠭᠡᠬᠦ ᠭᠤᠤᠯ ᠰᠡᠳᠦᠪ ᠤᠨ | ᠲᠣᠭᠤᠷᠢᠨ ᠳᠤ᠂ 4 ᠳ᠋ᠦ᠋ᠭᠡᠷ ᠰᠠᠷ᠎ᠠ ᠶᠢᠨ 21 ᠤ ᠡᠳᠦᠷ ᠠᠴᠠ 26 ᠤ ᠡᠳᠦᠷ ᠪᠣᠯᠲᠠᠯ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠥᠷᠨᠢᠭᠦᠯᠦᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ | 2025 ᠣᠨ ᠤ ᠪᠥᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ | ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠣᠯᠠᠨ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠨᠣᠯᠵᠢᠬᠤᠨ ᠢ ᠤᠯᠠᠮᠵᠢᠯᠠᠵᠤ᠂ ᠪᠥᠬᠦ | ᠨᠡᠶᠢᠭᠡᠮ ᠢᠶᠠᠷ ᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ ᠶᠤᠮ᠃ ᠠᠵᠢᠯᠯᠠᠭ᠎ᠠ ᠶᠢᠨ | ᠭᠠᠷᠠᠭ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠦᠷ᠎ᠡ ᠪᠦᠲᠦᠭᠡᠯ ᠨᠡᠶᠢᠲᠡᠯᠡᠬᠦ᠂ ᠣᠯᠠᠨ ᠡᠰᠢᠲᠦ ᠬᠠᠮᠵᠢᠯᠴᠠᠭ᠎ᠠ ᠶᠢᠨ | ᠭᠡᠷ᠎ᠡ ᠲᠣᠭᠲᠠᠬᠤ᠂ ᠬᠠᠭᠤᠷᠮᠠᠭ ᠮᠠᠭᠤ ᠦᠢᠯᠡᠳᠬᠦᠨ ᠢ ᠲᠥᠪᠯᠡᠷᠡᠭᠦᠯᠦᠨ ᠤᠰᠠᠳᠬᠠᠬᠤ᠂ ᠰᠤᠳᠤᠯᠤᠨ ᠶᠠᠷᠢᠯᠴᠠᠬᠤ᠂ ᠲᠤᠰᠬᠠᠶ ᠠᠰᠢᠭ ᠤᠨ | ᠤᠯᠠᠷᠢᠭᠤᠯᠤᠯᠲᠠ ᠶᠢᠨ ᠲᠣᠭᠯᠠᠯᠲᠠ ᠭᠠᠷᠭᠠᠬᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠴᠢᠯᠡᠭᠡᠨ ᠤ ᠥᠷᠲᠡᠭᠡ ᠴᠡᠭ ᠪᠠᠶᠢᠭᠤᠯᠬᠤ᠂ ᠨᠡᠶᠢᠲᠡᠯᠢᠭ ᠬᠡᠷᠡᠭ ᠤᠨ ᠵᠢᠱᠢᠶ᠎ᠡ ᠨᠡᠶᠢᠲᠡᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠣᠳᠠᠲᠤ ᠠᠵᠢᠯ ᠤᠨ ᠪᠣᠯᠪᠠᠰᠤᠷᠠᠭᠤᠯᠤᠯ ᠪᠠ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ ᠵᠡᠷᠭᠡ ᠣᠯᠠᠨ ᠲᠠᠯ᠎ᠠ ᠶᠢ | ᠬᠠᠮᠤᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤᠮᠳᠠᠬᠢ | ᠴᠢᠬᠤᠯᠠ ᠦᠢᠯᠡᠳᠦᠯ ᠢ ᠭᠤᠤᠯᠳᠠᠯᠭ᠎ᠠ ᠲᠠᠢ ᠤᠬᠠᠭᠤᠯᠵᠤ᠂ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ | ᠬᠤᠲᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ᠂ ᠰᠢᠨ᠎ᠡ ᠪᠦᠲᠦᠮᠵᠢ᠂ ᠰᠢᠨ᠎ᠡ ᠬᠤᠪᠢᠷᠠᠯᠲᠠ᠂ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ | ᠦᠵᠡᠭᠦᠯᠵᠦ᠂ ᠤᠷᠤᠨ ᠤ ᠲᠦᠪ ᠬᠤᠲᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠨ᠎ᠠ᠃ | |